︽ᠬᠦᠪᠡᠭᠡᠲᠦ ᠰᠢᠷ᠎ᠠ ᠬᠤᠰᠢᠭᠤᠨ ᠤ 2024 ᠤᠨ ᠤ ᠠᠯᠪᠠᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠡᠮ ᠡᠮᠨᠡᠯᠭᠡ ᠶᠢᠨ ᠨᠦᠬᠦᠪᠦᠷᠢ︾᠎ ᠶᠢ ᠬᠡᠷᠡᠭᠵᠢᠬᠦᠯᠬᠦ ᠲᠤᠬᠠᠢ ᠦᠰᠦᠭ ᠪᠢᠴᠢᠭ ᠤᠨ ᠲᠠᠶᠢᠯᠤᠮᠵᠢ
ᠨᠡᠶᠢᠲᠡᠯᠡᠭᠰᠡᠨ ᠴᠠᠭ᠄
2024/9/3
     ᠨᠢᠭᠡ᠂ ᠨᠡᠶᠢᠲᠡᠯᠡᠭᠰᠡᠨ ᠵᠣᠷᠢᠯᠭ᠎ᠠ     ᠠᠯᠪᠠᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠡᠮ ᠡᠮᠨᠡᠯᠭᠡ ᠶᠢᠨ  ᠪᠠᠲᠤᠯᠠᠭ᠎ᠠ ᠶᠢᠨ ᠬᠢᠷᠢ ᠲᠥᠪᠰᠢᠨ ᠢ ᠦᠨᠡᠨᠬᠦ ᠳᠡᠭᠡᠭᠰᠢᠯᠡᠬᠦᠯᠦᠨ᠎ᠡ᠃     ᠬᠤᠶᠠᠷ᠂ ᠬᠡᠷᠡᠭᠵᠢᠭᠦᠯᠬᠦ ᠴᠠᠭ      2024 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ᠂ ᠡᠮ ᠡᠮᠨᠡᠯᠭᠡ ᠶᠢᠨ ᠨᠥᠬᠦᠪᠥᠷᠢ ᠶᠢ  ᠡᠬᠢᠯᠡᠨ ᠬᠡᠷᠡᠭᠵᠢᠭᠦᠯᠦᠨ᠎ᠡ᠃ ᠬᠡᠷᠡᠭᠵᠢᠭᠦᠯᠬᠦ ᠬᠤᠭᠤᠴᠠᠭ᠎ᠠ ᠨᠢ 1 ᠵᠢᠯ᠃ 1 ᠵᠢᠯ ᠤᠨ ᠳᠠᠷᠠᠭ᠎ᠠ ᠠᠵᠢᠯᠯᠠᠭᠠᠨ ᠤ ᠪᠠᠶᠢᠳᠠᠯ ᠢᠶᠠᠨ ᠦᠨᠳᠦᠰᠦᠯᠡᠨ ᠳᠠᠬᠢᠨ ᠲᠣᠬᠢᠷᠠᠭᠤᠯᠤᠯᠲᠠ ᠬᠢᠨ᠎ᠡ᠃     ᠭᠤᠷᠪᠠ᠂ ᠬᠠᠮᠢᠶᠠᠷᠬᠤ ᠬᠦᠷᠢᠶ᠎ᠡ ᠬᠡᠪᠴᠢᠶ᠎ᠡ     ᠬᠤᠰᠢᠭᠤᠨ ᠤ ᠡᠯ᠎ᠡ ᠠᠯᠪᠠᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠠᠵᠢᠯᠲᠠᠨ ᠵᠢᠴᠢ ᠠᠯᠪᠠᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠢ ᠪᠠᠭᠲᠠᠭᠠᠨ᠎ᠠ᠃     ᠳᠥᠷᠪᠡ᠂ ᠲᠤᠰᠠᠯᠠᠬᠤ ᠪᠠᠷᠢᠮᠵᠢᠶ᠎ᠠ      ᠬᠤᠰᠢᠭᠤᠨ ᠤ ᠡᠯ᠎ᠡ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠠᠵᠢᠯᠲᠠᠨ ᠵᠢᠴᠢ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ  ᠲᠤᠰ ᠵᠢᠯ ᠳᠤ ᠭᠠᠷᠤᠭᠰᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ᠂ ᠣᠨᠣᠰᠢᠯᠠᠨ ᠡᠮᠨᠡᠬᠦ ᠲᠥᠷᠥᠯ ᠵᠦᠢᠯ ᠤᠨ ᠬᠡᠪᠴᠢᠶ᠎ᠡ ᠪᠠ ᠡᠮ ᠡᠮᠨᠡᠯᠭᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠳᠤ ᠨᠡᠶᠢᠴᠡᠭᠰᠡᠨ ᠡᠮ ᠡᠮᠨᠡᠯᠭᠡ ᠶᠢᠨ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠶᠡᠭᠡ ᠬᠡᠮᠵᠢᠶᠡᠨ ᠤ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ︶᠎ ᠳᠤ ᠮᠡᠳᠡᠭᠦᠯᠵᠦ ᠴᠠᠶᠢᠷᠠᠭᠤᠯᠤᠭᠰᠠᠨ ᠤ ᠳᠠᠷᠠᠭ᠎ᠠ᠂ ᠥᠪᠡᠰᠦᠪᠡᠨ ᠡᠭᠦᠷᠭᠡᠯᠡᠬᠦ ᠬᠡᠰᠡᠭ ᠵᠠᠷᠤᠳᠠᠯ ᠢ ᠳᠣᠤᠷᠠᠬᠢ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ᠄     ᠨᠢᠭᠡ ᠳᠤ᠂ ᠭᠠᠵᠠᠷ ᠤᠨ ᠲᠠᠰ ᠠᠴᠠ ᠳᠣᠷᠣᠭᠰᠢᠬᠢ ᠠᠵᠢᠯᠲᠠᠳ ᠤᠨ ᠡᠮᠨᠡᠯᠭᠡ ᠳᠤ ᠰᠠᠭᠤᠬᠤ ᠦᠶ᠎ᠡ ᠳᠤ ᠡᠭᠦᠰᠦᠭᠰᠡᠨ ᠡᠮᠴᠢᠯᠡᠭᠡᠨ ᠤ ᠵᠠᠷᠤᠳᠠᠯ ᠨᠢ ᠬᠤᠪᠢ ᠬᠥᠮᠦᠨ ᠤ ᠡᠭᠦᠷᠭᠡᠯᠡᠬᠦ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠡᠬᠢᠯᠡᠵᠦ ᠥᠭᠬᠦ ᠪᠠᠷᠢᠮᠵᠢᠶ᠎ᠠ ᠠᠴᠠ ᠳᠠᠪᠠᠭᠰᠠᠨ ᠪᠠᠶᠢᠪᠠᠯ᠂ ᠠᠵᠢᠯ ᠤᠨ ᠪᠠᠶᠢᠷᠢᠨ ᠳᠤ ᠪᠠᠶᠢᠭ᠎ᠠ ᠬᠥᠮᠦᠰ ᠲᠤ 80%᠎ ᠪᠠᠷ ᠨᠥᠬᠦᠪᠥᠷᠢ ᠣᠯᠭᠤᠨ᠂ ᠠᠵᠢᠯ ᠠᠴᠠ ᠪᠠᠨ ᠠᠮᠠᠷᠠᠭᠰᠠᠳ ᠲᠤ 88%᠎ ᠪᠠᠷ ᠨᠥᠬᠦᠪᠥᠷᠢ ᠣᠯᠭᠤᠨ᠎ᠠ᠃     ᠬᠤᠶᠠᠷ ᠲᠤ᠂ ᠭᠠᠵᠠᠷ ᠤᠨ ᠲᠠᠰ ︵ᠲᠤᠰᠢᠶᠠᠯ ᠤᠨ ᠲᠠᠰ ᠢᠶᠠᠷ ᠵᠡᠷᠭᠡᠴᠡᠭᠦᠯᠦᠨ ᠳᠡᠪᠰᠢᠭᠦᠯᠬᠦ ᠬᠥᠮᠦᠰ ᠪᠠᠭᠲᠠᠨ᠎ᠠ︶᠎ ᠠᠴᠠ ᠳᠡᠭᠡᠭᠰᠢᠬᠢ ︵ᠭᠠᠵᠠᠷ ᠤᠨ ᠲᠠᠰ ᠵᠢᠴᠢ ᠲᠤᠰᠢᠶᠠᠯ ᠤᠨ ᠲᠠᠰ ᠢ ᠵᠡᠷᠭᠡᠴᠡᠭᠦᠯᠦᠨ ᠳᠡᠪᠰᠢᠭᠦᠯᠬᠦ ᠬᠥᠮᠦᠰ ᠪᠠᠭᠲᠠᠨ᠎ᠠ︶ ᠪᠠ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ︵ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠠᠭᠲᠠᠨ᠎ᠠ︶᠎ ᠲᠠᠢ ᠬᠥᠮᠦᠰ ᠤᠨ ᠡᠮᠨᠡᠯᠭᠡ ᠳᠤ ᠰᠠᠭᠤᠬᠤ ᠦᠶ᠎ᠡ ᠳᠤ ᠡᠭᠦᠰᠦᠭᠰᠡᠨ ᠡᠮᠴᠢᠯᠡᠭᠡᠨ ᠤ ᠵᠠᠷᠤᠳᠠᠯ ᠨᠢ ᠬᠤᠪᠢ ᠬᠥᠮᠦᠨ ᠤ ᠡᠬᠦᠷᠭᠡᠯᠡᠬᠦ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠡᠬᠢᠯᠡᠵᠦ ᠥᠭᠬᠦ ᠪᠠᠷᠢᠮᠵᠢᠶ᠎ᠠ ᠠᠴᠠ ᠳᠠᠪᠠᠭᠰᠠᠨ ᠪᠣᠯ᠂ ᠠᠵᠢᠯ ᠤᠨ ᠪᠠᠶᠢᠷᠢᠨ ᠳᠤ ᠪᠠᠶᠢᠭ᠎ᠠ ᠬᠥᠮᠦᠰ ᠲᠤ 85%᠎ ᠪᠠᠷ ᠨᠦᠬᠦᠪᠦᠷᠢ ᠤᠯᠭᠤᠨ᠂ ᠠᠵᠢᠯ ᠠᠴᠠ ᠪᠠᠨ ᠠᠮᠠᠷᠠᠭᠰᠠᠳ ᠲᠤ 93%᠎ ᠪᠠᠷ ᠨᠥᠬᠦᠪᠥᠷᠢ ᠣᠯᠭᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号