ᠠᠰᠠᠭᠤᠯᠲᠠ ᠬᠠᠷᠢᠭᠤᠯᠲᠠ᠄ ︽ᠬᠦᠪᠡᠭᠡᠲᠦ ᠰᠢᠷ᠎ᠠ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠲᠦᠷᠢᠮ ᠵᠢᠴᠢ ᠢᠲᠡᠭᠡᠮᠵᠢ ᠠᠯᠳᠠᠭᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾᠎ ᠶᠢᠨ ᠲᠣᠬᠠᠢ ᠲᠠᠶᠢᠯᠤᠮᠵᠢ
ᠨᠡᠶᠢᠲᠡᠯᠡᠭᠰᠡᠨ ᠴᠠᠭ᠄
2024/9/3
    1. ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠳᠡᠭᠡᠮᠵᠢ ᠠᠯᠳᠠᠭᠰᠠᠨ ᠦᠢᠯᠡ ᠠᠵᠢᠯᠯᠠᠭ᠎ᠠ  ᠶᠠᠭᠤ ᠶᠠᠭᠤ ᠪᠠᠶᠢᠬᠤ ᠪᠣᠶ︖    ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠳᠡᠭᠡᠮᠵᠢ ᠠᠯᠳᠠᠭᠰᠠᠨ ᠦᠢᠯᠡ ᠠᠵᠢᠯᠯᠠᠭ᠎ᠠ ᠳᠤ ᠭᠤᠣᠯᠳᠠᠭᠤ᠄ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠬᠢᠷᠠᠮᠵᠢ ᠦᠭᠡᠢ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠵᠤᠬᠢᠰ ᠦᠭᠡᠢ᠂ ᠵᠠᠰᠠᠭ ᠤᠨ ᠣᠷᠳᠣᠨ ᠤ ᠦᠢᠯᠡ ᠠᠵᠢᠯᠯᠠᠭ᠎ᠠ ᠨᠢ ᠳᠦ᠋ᠷᠢᠮᠵᠢᠯ ᠦᠭᠡᠢ᠂ ᠵᠠᠰᠠᠭ ᠤᠨ ᠣᠷᠳᠣᠨ ᠤ ᠮᠡᠳᠡᠭᠡ ᠵᠠᠩᠭᠢ ᠦᠨᠡᠨ ᠪᠣᠰᠤ ᠵᠡᠷᠭᠡ ᠢᠯᠡᠷᠡᠯ ᠢ ᠪᠠᠭᠲᠠᠭᠠᠨ᠎ᠠ᠃    2. ︽ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠳᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠲᠦᠷᠢᠮ ᠵᠢᠴᠢ ᠢᠳᠡᠭᠡᠮᠵᠢ ᠠᠯᠳᠠᠭᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾᠎ ᠶᠢ ᠲᠣᠭᠲᠠᠭᠠᠬᠤ ᠶᠢᠨ ᠴᠢᠬᠤᠯᠠ ᠠᠴᠢ ᠬᠤᠯᠪᠣᠭᠳᠠᠯ    ᠨᠢᠭᠡ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠢᠳᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠳᠠᠩᠰᠠ ᠡᠪᠬᠡᠮᠡᠯ ᠳᠤ ᠣᠷᠤᠭᠤᠯᠤᠨ ᠳᠡᠮᠳᠡᠭᠯᠡᠵᠦ᠂ ᠬᠢᠨᠠᠯᠲᠠ ᠲᠠᠯᠪᠢᠬᠤ ᠲᠣᠭᠲᠠᠴᠠ ᠶᠢ ᠪᠤᠢ ᠪᠣᠯᠭᠠᠵᠤ᠂ ᠠᠵᠢᠯᠲᠠᠳ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠬᠦ ᠶᠢ ᠠᠬᠢᠭᠤᠯᠵᠤ᠂ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠬᠦᠯᠬᠦ ᠪᠣᠯᠤᠨ᠎ᠠ᠃    ᠬᠤᠶᠠᠷ ᠲᠤ᠂ ᠨᠡᠶᠢᠭᠡᠮ ᠤᠨ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠤᠨ᠎ᠠ᠃ ᠵᠠᠰᠠᠭ ᠤᠨ ᠶᠠᠪᠤᠳᠠᠯ ᠤᠨ ᠢᠳᠡᠭᠡᠮᠵᠢ ᠠᠯᠳᠠᠭᠰᠠᠨ ᠲᠡᠮᠳᠡᠭᠯᠡᠯ ᠢ ᠢᠯᠡ ᠪᠣᠯᠭᠠᠬᠤ ᠪᠠᠷ ᠳᠠᠮᠵᠢᠭᠤᠯᠤᠨ᠂ ᠨᠡᠶᠢᠭᠡᠮ ᠤᠨ ᠬᠢᠨᠠᠯᠲᠠ ᠲᠠᠯᠪᠢᠬᠤ ᠡᠷᠴᠢᠮ ᠢ ᠨᠡᠮᠡᠭᠳᠡᠭᠦᠯᠵᠦ ᠪᠣᠯᠤᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠠᠵᠢᠯᠲᠠᠨ ᠤ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠣᠯᠠᠨ ᠨᠡᠶᠢᠲᠡ ᠮᠡᠳᠡᠬᠦ ᠡᠷᠬᠡ ᠲᠠᠢ ᠪᠥᠭᠡᠳ ᠲᠡᠭᠦᠨ ᠳᠤ ᠬᠢᠨᠠᠯᠲᠠ ᠲᠠᠯᠪᠢᠵᠤ ᠰᠢᠭᠦᠮᠵᠢᠯᠡᠬᠦ ᠡᠷᠬᠡ ᠲᠠᠢ᠃ ᠨᠡᠶᠢᠭᠡᠮ ᠤᠨ ᠬᠢᠨᠠᠯᠲᠠ ᠶᠢ ᠬᠦᠯᠢᠶᠡᠬᠦ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠳᠦᠷᠢ ᠲᠥᠷᠬᠦ ᠪᠣᠯᠤᠨ ᠢᠲᠡᠭᠡᠯ ᠬᠦᠨᠳᠦ ᠶᠢᠨ ᠪᠠᠶᠢᠭᠤᠯᠤᠯᠲᠠ ᠶᠢ ᠨᠡᠮᠨᠡᠭᠡ ᠴᠢᠩᠭᠠᠷᠠᠭᠤᠯᠤᠨ᠎ᠠ᠃    ᠭᠤᠷᠪᠠ ᠳᠤ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠳᠦᠷᠢ ᠲᠥᠷᠬᠦ ᠶᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠨᠢ ᠬᠠᠪᠰᠤᠷᠴᠤ ᠪᠠᠶᠢᠭᠠᠳ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠳᠦᠷᠢ ᠲᠥᠷᠬᠦ ᠶᠢ ᠪᠠᠶᠢᠭᠤᠯᠵᠤ ᠪᠣᠯᠤᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠠᠵᠢᠯᠲᠠᠳ ᠬᠡᠷᠪᠡ ᠢᠲᠡᠭᠡᠯ ᠠᠯᠳᠠᠭᠰᠠᠨ ᠠᠵᠢᠯᠯᠠᠭ᠎ᠠ ᠳᠤ ᠲᠡᠮᠳᠡᠭᠯᠡᠭᠳᠡᠪᠡᠯ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠪᠣᠯᠤᠨ᠎ᠠ ᠂ ᠢᠩᠭᠢᠪᠡᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤᠰ ᠪᠡᠶ᠎ᠡ ᠶᠢᠨ ᠦᠢᠯᠡ ᠠᠵᠢᠯᠯᠠᠭ᠎ᠠ ᠶᠢᠨ ᠵᠢᠷᠤᠮᠵᠢᠯ ᠪᠠ ᠶᠣᠰᠣ ᠮᠣᠷᠠᠯ ᠤᠨ ᠬᠢᠵᠠᠭᠠᠷ ᠱᠤᠭᠤᠮ ᠢᠶᠠᠨ ᠨᠡᠩ ᠴᠢᠬᠤᠯᠠᠴᠢᠯᠠᠵᠤ᠂ ᠵᠠᠰᠠᠭ ᠤᠨ ᠣᠷᠳᠣᠨ ᠳᠠᠬᠢ ᠣᠯᠠᠨ ᠨᠡᠶᠢᠲᠡ ᠶᠢᠨ ᠢᠲᠡᠭᠡᠮᠵᠢ ᠶᠢ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ  ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号