ᠬᠥᠪᠡᠭᠡᠲᠦ ᠰᠢᠷ᠎ᠠ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ ᠤᠨ ᠲᠣᠬᠠᠢ ᠦᠰᠦᠭ ᠪᠢᠴᠢᠭ ᠤᠨ ᠲᠠᠶᠢᠯᠤᠮᠵᠢ
ᠨᠡᠶᠢᠲᠡᠯᠡᠭᠰᠡᠨ ᠴᠠᠭ᠄
2024/9/3
    ᠨᠢᠭᠡ᠂ ᠲᠥᠰᠦᠯ ᠲᠣᠭᠲᠠᠭᠠᠭᠰᠠᠨ ᠵᠣᠷᠢᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠢᠢᠷ᠎ᠠ ᠶᠢᠨ ᠵᠢᠯ ᠠᠴᠠ ᠨᠠᠭᠠᠰᠢᠬᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃    ᠬᠤᠶᠠᠷ᠂ ᠲᠥᠰᠦᠯ ᠲᠣᠭᠲᠠᠭᠠᠭᠰᠠᠨ ᠦᠨᠳᠦᠰᠦᠯᠡᠯ    ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽︿ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2020﹈ 19 ᠳ᠋ᠦᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 22 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠭᠤᠷᠪᠠ᠂ ᠴᠡᠭᠴᠡᠯᠡᠨ ᠵᠠᠰᠠᠬᠤ ᠭᠤᠤᠯᠳᠠᠯᠭ᠎ᠠ    ︵ᠨᠢᠭᠡ︶ ᠪᠠᠷᠢᠮᠵᠢᠶ᠎ᠠ ᠨᠢ ᠪᠦᠷᠢᠨ ᠲᠡᠭᠦᠯᠳᠡᠷ ᠪᠤᠰᠤ᠂ ᠠᠯᠪᠠᠳᠠᠯᠭ᠎ᠠ ᠶᠢᠨ ᠴᠢᠨᠠᠷ ᠢᠶᠠᠷ ᠬᠦᠷᠦᠯᠴᠡᠬᠦ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃    ︵ᠬᠤᠶᠠᠷ︶ ᠲᠣᠨᠤᠭ ᠲᠦᠬᠦᠭᠡᠷᠦᠮᠵᠢ ᠪᠦᠷᠢᠨ ᠥᠬᠡᠶ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ    ︵ᠭᠤᠷᠪᠠ︶ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠶᠢ ᠴᠠᠭᠠᠵᠠᠯᠠᠭᠰᠠᠨ ᠪᠤᠯᠪᠠᠴᠤ ᠪᠠᠰᠠᠯᠠ ᠤᠷᠤᠰᠢᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ     ︵ᠲᠦᠷᠪᠡ︶ ᠬᠠᠤᠯᠢ ᠲᠣᠭᠲᠠᠭᠠᠯ ᠠᠴᠠ ᠵᠦᠷᠢᠴᠡᠨ ᠪᠤᠷᠤᠯᠠᠭᠤᠯᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ     ︵ᠲᠠᠪᠤ︶ ᠬᠠᠭᠤᠴᠢᠷᠠᠭᠰᠠᠨ ᠴᠠᠬᠢᠯᠭᠠᠨ ᠴᠡᠨᠡᠭ ᠢ ᠬᠡᠷᠡᠭᠯᠡᠭᠡᠨ ᠠᠴᠠ ᠭᠠᠷᠭᠠᠵᠤ ᠬᠤᠷᠢᠶᠠᠨ ᠠᠪᠬᠤ ᠶᠢ ᠬᠦᠴᠦᠯᠡᠨ ᠰᠢᠢᠳᠪᠦᠷᠢᠯᠡᠨ᠎ᠡ    ︵ᠵᠢᠷᠭᠤᠭ᠎ᠠ︶ ᠡᠬᠢ ᠡᠭᠦᠰᠦᠯ ᠠᠴᠠ ᠨᠢ ᠡᠷᠢᠵᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠳᠤᠲᠠᠮᠠᠭ  ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ     ᠳᠥᠷᠪᠡ᠂ ᠲᠥᠰᠦᠯ ᠳᠤ ᠲᠤᠭᠲᠠᠭᠠᠭᠰᠠᠨ ᠠᠯᠬᠤᠮ ᠳᠠᠷᠠᠭ᠎ᠠ     ︵ᠨᠢᠭᠡ︶ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠱᠠᠲᠤ ᠦᠶ᠎ᠡ ︵2024 ᠣᠨ ᠤ 5 ᠰᠠᠷ᠎ᠠ ᠶᠢᠨ 31᠎ ᠤ ᠡᠳᠦᠷ ᠠᠴᠠ ᠡᠮᠦᠨ᠎ᠡ︶     ︵ᠬᠤᠶᠠᠷ︶ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠱᠠᠲᠤ ︵2024 ᠣᠨ ᠤ 6 ᠰᠠᠷ᠎ᠠ ᠶᠢᠨ 1᠎ ᠤ ᠡᠳᠦᠷ ᠠᠴᠠ 2025 ᠣᠨ ᠤ 11 ᠰᠠᠷ᠎ᠠ ᠶᠢᠨ 30᠎ ᠤ ᠡᠳᠦᠷ ᠪᠣᠯᠲᠠᠯ᠎ᠠ᠃    ︵ᠭᠤᠷᠪᠠ︶ ᠰᠢᠯᠭᠠᠨ ᠠᠪᠴᠤ ᠦᠨᠡᠯᠡᠨ ᠵᠢᠱᠢᠬᠦ ᠱᠠᠲᠤ ᠦᠶ᠎ᠡ ︵2025 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶     ᠲᠠᠪᠤ᠂ ᠲᠥᠰᠥᠯ ᠳᠤ ᠠᠵᠢᠯ ᠤᠨ ᠲᠤᠰᠬᠠᠢ ᠠᠩᠭᠢ ᠪᠠᠶᠢᠭᠤᠯᠵᠤ᠂ ᠠᠵᠢᠯ ᠤᠨ ᠲᠤᠰᠬᠠᠶ ᠠᠩᠭᠢ ᠶᠢᠨ ᠡᠭᠦᠷᠭᠡ ᠬᠠᠷᠢᠭᠤᠴᠠᠯᠭ᠎ᠠ ᠶᠢᠨ ᠲᠦᠷᠢᠮ ᠢ ᠲᠣᠭᠲᠠᠭᠠᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号