| ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠣᠬᠢᠷᠲᠤᠯ ᠥᠬᠡᠶ ᠠᠭᠤᠷᠬᠠᠶ ᠶᠢᠨ ᠦᠢᠯᠡᠰ ᠢ | ᠬᠥᠭᠵᠢᠭᠦᠯᠬᠦ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠤᠷᠢᠳ ᠬᠤᠵᠢᠳ ᠤᠯᠤᠰ ᠤᠨ ︽13 | · 5︾ ︽14 · 5︾ ᠶᠢᠨ ᠬᠥᠲᠥᠯᠪᠦᠷᠢ ᠵᠢᠴᠢ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ | ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠳᠤ ᠪᠢᠴᠢᠨ ᠣᠷᠣᠭᠤᠯᠪᠠ᠃ 2017 ᠣᠨ ᠤ 3 ᠳ᠋ᠤᠭᠠᠷ ᠰᠠᠷ᠎ᠠ ᠳᠤ᠂ | ᠤᠤᠯ ᠤᠨ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ 6 | ᠶᠠᠮᠤᠨ ᠵᠥᠪᠯᠡᠯ ᠬᠠᠮᠲᠤᠷᠠᠨ ︽ᠪᠣᠬᠢᠷᠲᠤᠯ ᠥᠬᠡᠶ ᠠᠭᠤᠷᠬᠠᠶ ᠶᠢ ᠲᠦᠷᠭᠡᠪᠴᠢᠯᠡᠨ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ | ︾ ︵ᠤᠯᠤᠰ ᠨᠤᠲᠤᠭ ᠡᠬᠢ ᠲᠣᠭᠲᠠᠭᠠᠯ ﹇2017﹈ 4 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ 2020 | ᠣᠨ ᠤ 11 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ | ︾ ︵ᠥᠪᠥᠷ ᠵᠠᠰᠠᠭ ᠲᠠᠷᠬᠠᠭᠠᠭᠰᠠᠨ ﹇2020﹈ 18 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠥᠬᠦ | ᠣᠷᠣᠨ ᠤ ᠰᠢᠨ᠎ᠡ ᠪᠠᠷ ᠪᠠᠶᠢᠭᠤᠯᠬᠤ᠂ ᠦᠢᠯᠡᠳᠪᠦᠷᠢᠯᠡᠯ ᠤᠨ ᠠᠭᠤᠷᠬᠠᠶ ᠶᠢᠨ ᠪᠣᠬᠢᠷᠲᠤᠯ ᠦᠭᠡᠢ ᠪᠥᠲᠥᠭᠡᠨ | ᠪᠠᠶᠢᠭᠤᠯᠤᠯᠲᠠ ᠶᠢ ᠡᠷᠴᠢᠮᠵᠢᠭᠦᠯᠬᠦ ᠬᠡᠷᠡᠭᠲᠡᠶ ᠭᠡᠵᠦ ᠱᠠᠭᠠᠷᠳᠠᠪᠠ᠃ 2024 ᠣᠨ ᠤ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠳᠤ ︽ᠪᠣᠬᠢᠷᠲᠤᠯ ᠥᠬᠡᠶ ᠠᠭᠤᠷᠬᠠᠶ ᠶᠢ ᠨᠡᠩ ᠣᠯᠠᠨ ᠪᠦᠲᠦᠭᠡᠨ ᠪᠠᠶᠢᠭᠤᠯᠬᠤ ᠬᠡᠷᠡᠭᠲᠡᠶ︾ ᠭᠡᠵᠦ ᠱᠠᠭᠠᠷᠳᠠᠪᠠ | ᠃ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠨ᠎ᠡ ᠵᠣᠷᠢᠭ ᠰᠠᠨᠠᠭ᠎ᠠ᠂ ᠰᠢᠨ᠎ᠡ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠪᠣᠬᠢᠷᠲᠤᠯ ᠥᠬᠡᠶ ᠠᠭᠤᠷᠬᠠᠶ ᠶᠢ ᠰᠢᠯᠢᠨ ᠰᠣᠩᠭᠤᠬᠤ ᠪᠠ ᠬᠢᠨᠠᠨ ᠬᠠᠮᠢᠶᠠᠷᠬᠤ | ᠠᠵᠢᠯ ᠢ ᠨᠠᠩ ᠰᠠᠶᠢᠨ ᠥᠷᠨᠢᠭᠦᠯᠬᠦ ᠶᠢ ᠵᠢᠷᠤᠮᠵᠢᠭᠤᠯᠤᠨ ᠵᠢᠯᠣᠭᠤᠳᠬᠤ ᠶᠢᠨ ᠲᠥᠯᠥᠭᠡ ︽ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠪᠠ︶ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠬᠠᠷᠠᠯᠲᠠ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠦᠨᠡᠯᠡᠬᠦ ᠭᠦᠢᠴᠡᠳᠬᠡᠯ ᠲᠤᠭ᠎ᠠ᠂ | ᠭᠤᠶᠤᠴᠢᠯᠠᠨ ᠮᠡᠳᠡᠭᠦᠯᠵᠦ ᠦᠨᠡᠯᠡᠨ ᠵᠢᠱᠢᠵᠦ ᠰᠢᠯᠢᠨ ᠰᠣᠩᠭᠤᠬᠤ ᠴᠤᠪᠤᠷᠠᠯ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ | ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ | ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠪᠠ᠃ | ᠬᠤᠶᠠᠷ᠂ ᠭᠤᠣᠯ ᠠᠭᠤᠯᠭ᠎ᠠ | ︽ᠮᠡᠳᠡᠭᠳᠡᠯ︾ ᠳᠤ 3 ᠬᠡᠰᠡᠭ ᠪᠠ 3 ᠳᠠᠭᠠᠯᠳᠤᠭᠤᠯᠤᠯ ᠪᠠᠭᠲᠠᠨ᠎ᠠ᠃ | ᠨᠢᠭᠡᠳᠦᠭᠡᠷ ᠬᠡᠰᠡᠭ ᠲᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ | ᠬᠠᠷᠠᠯᠲᠠ ᠶᠢ ᠲᠣᠳᠣᠷᠬᠠᠶᠢᠯᠠᠵᠤ᠂ ᠡᠭᠦᠨ ᠳᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠲᠡᠭᠡᠳ᠂ | ᠴᠠᠭ ᠤᠨ ᠬᠢᠵᠠᠭᠠᠷ ᠪᠠ ᠪᠣᠳᠠᠲᠠᠶ ᠱᠠᠭᠠᠷᠳᠠᠯᠭ᠎ᠠ ᠶᠢ ᠪᠠᠭᠲᠠᠭᠠᠨ᠎ᠠ︔ | ᠬᠤᠶᠠᠳᠤᠭᠠᠷ ᠬᠡᠰᠡᠭ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠬᠤ ᠲᠤᠬᠠᠢ ᠪᠠᠶᠢᠵᠤ᠂ ᠡᠭᠦᠨ ᠳᠤ ᠪᠣᠬᠢᠷᠲᠤᠯ ᠥᠬᠡᠶ ᠠᠭᠤᠷᠬᠠᠶ ᠶᠢᠨ ᠠᠵᠢᠯ ᠲᠥᠷᠥᠯ ᠤᠨ ᠪᠠᠷᠢᠮᠵᠢᠶ᠎ᠠ ᠪᠠ ᠦᠨᠡᠯᠡᠬᠦ | ᠭᠦᠢᠴᠡᠳᠬᠡᠯ ᠲᠤᠭ᠎ᠠ ᠶᠢ ᠪᠠᠶᠢᠭᠤᠯᠤᠨ ᠪᠦᠷᠢᠨᠰᠢᠭᠦᠯᠬᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠣᠨ ᠤ ᠬᠠᠷᠠᠯᠲᠠᠲᠤ ᠡᠭᠦᠷᠭᠡ ᠶᠢ ᠲᠣᠭᠲᠠᠭᠠᠬᠤ᠂ ᠪᠣᠬᠢᠷᠲᠤᠯ ᠥᠬᠡᠶ ᠠᠭᠤᠷᠬᠠᠶ ᠶᠢ ᠮᠡᠳᠡᠭᠦᠯᠵᠦ ᠰᠢᠯᠭᠠᠷᠠᠭᠤᠯᠬᠤ ᠴᠤᠪᠤᠷᠠᠯ ᠢ | ᠴᠢᠩᠳᠠᠯᠠᠬᠤ᠂ ᠭᠤᠷᠪᠠᠳᠠᠬᠢ ᠡᠲᠡᠭᠡᠳ ᠦᠨᠡᠯᠡᠨ ᠵᠢᠱᠢᠬᠦ ᠬᠠᠮᠢᠶᠠᠷᠤᠯᠲᠠ ᠶᠢ ᠴᠢᠩᠭᠠᠳᠬᠠᠬᠤ᠂ ᠠᠭᠤᠷᠬᠠᠶ ᠶᠢᠨ ᠠᠵᠤ | ᠠᠬᠤᠶᠢᠯᠠᠯ ᠤᠨ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ᠂ ᠰᠢᠯᠢᠳᠡᠭ ᠢ ᠨᠢ ᠰᠣᠩᠭᠤᠵᠤ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠳᠤ | ᠲᠠᠨᠢᠯᠴᠠᠭᠤᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠵᠡᠷᠭᠡ ᠶᠢ ᠪᠠᠭᠲᠠᠭᠠᠨ᠎ᠠ︔ | ᠭᠤᠷᠪᠠᠳᠤᠭᠠᠷ ᠬᠡᠰᠡᠭ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠲᠤᠬᠠᠢ ᠪᠠᠶᠢᠵᠤ᠂ ᠡᠭᠦᠨ ᠳᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠬᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ᠂ ᠰᠢᠯᠭᠠᠨ ᠬᠢᠨᠠᠬᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢ ᠪᠠᠭᠲᠠᠭᠠᠨ᠎ᠠ᠃ | 3 ᠳᠠᠭᠠᠯᠳᠤᠭᠤᠯᠤᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ ᠭᠤᠶᠤᠴᠢᠯᠠᠨ ᠮᠡᠳᠡᠭᠦᠯᠬᠦ ᠦᠨᠡᠯᠡᠨ ᠵᠢᠱᠢᠬᠦ ᠰᠢᠯᠢᠨ ᠰᠣᠩᠭᠤᠬᠤ | ᠠᠵᠢᠯ ᠤᠨ ᠴᠤᠪᠤᠷᠠᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠨ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠭᠲᠠᠨ᠎ᠠ᠃ | ᠭᠤᠷᠪᠠ᠂ ᠭᠤᠣᠯ ᠣᠨᠴᠠᠯᠢᠭ | ᠨᠢᠭᠡ ᠳᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ | ᠠᠵᠤ ᠠᠬᠤᠶᠢᠯᠠᠯ ᠭᠤᠤᠯᠯᠠᠨ ᠪᠠᠶᠢᠭᠤᠯᠬᠤ᠂ ᠨᠡᠶᠢᠭᠡᠮ ᠳᠠᠶᠠᠭᠠᠷ ᠬᠢᠨᠠᠯᠲᠠ ᠲᠠᠯᠪᠢᠭᠰᠠᠨ ᠪᠣᠬᠢᠷᠲᠤᠯ ᠥᠬᠡᠶ ᠠᠭᠤᠷᠬᠠᠶ ᠶᠢᠨ | ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠢᠶᠠᠷ ᠲᠦᠷᠦᠭᠦᠯᠡᠭᠦᠯᠦᠨ᠂ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ 14 | ᠰᠠᠯᠠᠭ᠎ᠠ ᠮᠥᠴᠢᠷ ᠪᠠ ᠨᠢᠭᠡᠴᠢ ᠪᠠᠷ ᠪᠦᠷᠢᠯᠳᠦᠭᠰᠡᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠵᠣᠬᠢᠴᠠᠭᠤᠯᠬᠤ ᠲᠣᠭᠲᠠᠴᠠ ᠶᠢ ᠲᠣᠳᠣᠷᠬᠠᠶ ᠪᠠᠶᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠵᠦᠢᠯᠡᠰ ᠪᠠ ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠰᠤᠳᠤᠯᠤᠨ | ᠰᠢᠢᠳᠪᠦᠷᠢᠯᠡᠨ᠎ᠡ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠣᠯᠠᠨ ᠵᠢᠯ ᠤᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠪᠣᠬᠢᠷᠲᠤᠯ ᠥᠬᠡᠶ ᠠᠭᠤᠷᠬᠠᠶ ᠶᠢ | ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠴᠤᠪᠤᠷᠠᠯ ᠪᠠ ᠱᠠᠭᠠᠷᠳᠠᠯᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠦᠷᠦᠭᠦᠯᠡᠨ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠢ ᠵᠣᠬᠢᠶᠠᠨ ᠪᠠᠶᠢᠭᠤᠯᠵᠤ ᠬᠤᠯᠪᠣᠭᠠᠯᠠᠨ ᠬᠢᠨᠠᠨ ᠪᠠᠶᠢᠴᠠᠭᠠᠬᠤ ᠶᠢ ᠲᠣᠳᠣᠷᠬᠠᠶ ᠲᠣᠭᠲᠠᠭᠠᠵᠤ᠂ ᠠᠶᠢᠮᠠᠭ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢ ᠵᠣᠬᠢᠶᠠᠨ | ᠪᠠᠶᠢᠭᠤᠯᠵᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠭᠤᠷᠪᠠᠳᠠᠬᠢ ᠡᠲᠡᠭᠡᠳ ᠤᠨ ᠦᠨᠡᠯᠡᠨ | ᠵᠢᠱᠢᠯᠲᠡ ᠶᠢ ᠥᠷᠨᠢᠭᠦᠯᠦᠨ᠎ᠡ᠃ | ᠭᠤᠷᠪᠠ ᠳᠤ᠂ ᠡᠯ᠎ᠡ ᠰᠠᠯᠠᠭ᠎ᠠ ᠮᠥᠴᠢᠷ ᠤᠳ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ | ᠦᠨᠳᠦᠰᠦᠯᠡᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠳᠠᠬᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠭᠰᠠᠨ ᠤ ᠬᠠᠮᠲᠤ᠂ ᠰᠠᠯᠠᠭ᠎ᠠ | ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ︾ ᠶᠢᠨ | ᠡᠯ᠎ᠡ ᠵᠦᠢᠯ ᠤᠨ ᠭᠦᠢᠴᠡᠳᠬᠡᠯ ᠲᠤᠭ᠎ᠠ ᠳᠤ ᠬᠢᠨᠠᠯᠲᠠ ᠬᠠᠮᠢᠶᠠᠷᠤᠯᠲᠠ ᠬᠢᠬᠦ ᠰᠠᠯᠠᠭ᠎ᠠ ᠮᠥᠴᠢᠷ ᠤᠳ ᠢ ᠲᠣᠳᠣᠷᠬᠠᠶᠢᠯᠠᠵᠤ᠂ | ᠪᠣᠬᠢᠷᠲᠤᠯ ᠥᠬᠡᠶ ᠠᠭᠤᠷᠬᠠᠶ ᠶᠢ ᠠᠩᠬ᠎ᠠ ᠬᠢᠨᠠᠬᠤ᠂ ᠬᠢᠨᠠᠨ ᠪᠠᠶᠢᠴᠠᠭᠠᠵᠤ ᠦᠨᠡᠯᠡᠨ ᠵᠢᠱᠢᠬᠦ᠂ ᠬᠠᠷᠭᠤᠭᠤᠯᠤᠨ ᠪᠠᠶᠢᠴᠠᠭᠠᠬᠤ | ᠪᠠ ᠡᠳᠦᠷ ᠲᠤᠲᠤᠮ ᠬᠥᠳᠡᠯᠦᠩᠭᠦᠶ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠳᠤ ᠰᠠᠯᠠᠭ᠎ᠠ ᠮᠥᠴᠢᠷ ᠤᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ | ᠳᠥᠷᠪᠡ ᠳᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠤᠨ ᠰᠠᠭᠤᠷᠢᠨ ᠳᠡᠭᠡᠷ᠎ᠡ ᠪᠣᠬᠢᠷᠲᠤᠯ ᠥᠬᠡᠶ | ᠠᠭᠤᠷᠬᠠᠶ ᠳᠤ ᠬᠡᠷᠡᠭᠯᠡᠬᠦ ᠭᠠᠵᠠᠷ ᠠᠭᠤᠷᠬᠠᠶ ᠶᠢ ᠳᠡᠮᠵᠢᠬᠦ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠠᠯ᠎ᠠ ᠪᠠᠷ ᠬᠢ | ᠨᠠᠶᠢᠳᠠᠪᠤᠷᠢᠵᠢᠭᠤᠯᠵᠤ ᠪᠣᠯᠬᠤ᠂ ᠪᠣᠳᠠᠲᠠᠶ ᠬᠡᠷᠡᠭᠵᠢᠭᠦᠯᠬᠦ ᠴᠢᠨᠠᠷ ᠢᠶᠠᠷ ᠴᠢᠩᠭ᠎ᠠ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠪᠠ᠃ | ᠲᠠᠪᠤ ᠳᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠡᠭᠦᠳᠦᠨ ᠪᠠᠶᠢᠭᠤᠯᠬᠤ ᠶᠢ ᠥᠷᠨᠢᠭᠦᠯᠦᠭᠡᠳᠦᠶ ᠲᠣᠮᠣ ᠳᠤᠮᠳᠠ ᠬᠡᠯᠪᠡᠷᠢ ᠶᠢᠨ ᠠᠭᠤᠷᠬᠠᠶ ᠶᠢ ᠵᠢᠭᠠᠨ | ᠵᠢᠯᠣᠭᠤᠳᠴᠤ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠠᠶᠢᠮᠠᠭ | ᠬᠤᠲᠠ ᠶᠢᠨ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠨ ᠣᠨ ᠤ ᠰᠢᠯᠭᠠᠨ ᠬᠢᠨᠠᠵᠤ ᠦᠨᠡᠯᠡᠬᠦ | ᠲᠣᠭᠲᠠᠯᠴᠠᠭ᠎ᠠ ᠳᠤ ᠣᠷᠣᠭᠤᠯᠬᠤ ᠶᠢ ᠴᠢᠬᠤᠯᠠᠴᠢᠯᠠᠪᠠ᠃ | ᠵᠢᠷᠭᠤᠭ᠎ᠠ ᠳᠤ᠂ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠲᠡᠮᠳᠡᠭᠯᠡᠯ ᠤᠨ ᠬᠥᠳᠡᠯᠦᠩᠭᠦᠶ | ᠬᠠᠮᠢᠶᠠᠷᠤᠯᠲᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ︽ᠵᠡᠭᠦᠯᠲᠡ ᠬᠠᠳᠠᠬᠤ᠂ ᠬᠤᠭᠤᠴᠠᠭ᠎ᠠ | ᠲᠣᠭᠲᠠᠭᠠᠨ ᠴᠡᠭᠴᠡᠯᠡᠬᠦ᠂ ᠨᠡᠷᠡᠰ ᠤᠨ ᠵᠢᠭᠰᠠᠭᠠᠯᠲᠠ ᠠᠴᠠ ᠭᠠᠷᠭᠠᠬᠤ︾ ᠪᠠᠶᠢᠳᠠᠯ ᠢ ᠨᠡᠮᠡᠪᠡ᠃ ᠥᠪᠡᠷᠲᠡᠭᠡᠨ ᠵᠠᠰᠠᠬᠤ | ᠣᠷᠣᠨ ᠤ ᠪᠣᠬᠢᠷᠲᠤᠯ ᠥᠬᠡᠶ ᠠᠭᠤᠷᠬᠠᠶ ᠶᠢ ᠦᠨᠡᠯᠡᠬᠦ ᠭᠦᠢᠴᠡᠳᠬᠡᠯ ᠲᠤᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ | ᠂ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠶᠢ | ᠳᠣᠪᠤᠶᠢᠯᠭᠠᠵᠤ᠂ ᠬᠠᠶᠢᠷ ᠴᠢᠯᠠᠭᠤ ᠰᠢᠷᠣᠶ ᠶᠢᠨ ᠲᠥᠷᠥᠯ ᠤᠨ ᠠᠭᠤᠷᠬᠠᠶ ᠳᠤ᠂ ᠲᠡᠭᠦᠨ ᠤ ᠦᠢᠯᠡᠳᠪᠦᠷᠢᠯᠡᠯ ᠤᠨ ᠪᠣᠳᠠᠲᠤ | ᠪᠠᠶᠢᠳᠠᠯ ᠳᠤ ᠳᠣᠭᠢᠷᠠᠬᠤ ᠪᠣᠬᠢᠷᠲᠤᠯ ᠥᠬᠡᠶ ᠠᠭᠤᠷᠬᠠᠶ ᠶᠢ ᠦᠨᠡᠯᠡᠬᠦ ᠭᠦᠢᠴᠡᠳᠬᠡᠯ ᠲᠤᠭ᠎ᠠ ᠲᠣᠭᠲᠠᠭᠠᠵᠤ᠂ ᠭᠦᠢᠴᠡᠳᠬᠡᠯ | ᠲᠤᠭ᠎ᠠ ᠶᠢᠨ ᠬᠡᠷᠡᠭᠯᠡᠬᠦ ᠳᠤ ᠵᠣᠬᠢᠷᠠᠬᠤ ᠴᠢᠨᠠᠷ ᠪᠠ ᠬᠡᠷᠡᠭᠵᠢᠭᠦᠯᠬᠦ᠋ᠢᠴᠡ ᠴᠢᠨᠠᠷ ᠢ ᠦᠨᠡᠬᠡᠷ ᠳᠡᠭᠡᠭᠰᠢᠯᠡᠭᠦᠯᠦᠨ᠂ ᠦᠨᠡᠯᠡᠬᠦ | ᠭᠦᠢᠴᠡᠳᠬᠡᠯ ᠲᠤᠭ᠎ᠠ ᠶᠢ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠠ ᠳᠡᠭᠡᠭᠰᠢᠯᠡᠭᠦᠯᠬᠦ ᠴᠢᠨᠠᠷᠲᠠᠶ ᠭᠦᠢᠴᠡᠳᠬᠡᠯ | ᠲᠤᠭ᠎ᠠ ᠪᠣᠯᠭᠠᠨ ᠳᠣᠭᠢᠷᠠᠭᠤᠯᠵᠤ᠂ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠠᠷ ᠬᠤᠷᠢᠭ᠎ᠠ ᠱᠤᠭᠤᠮ ᠤᠨ | ᠱᠠᠭᠠᠷᠳᠠᠯᠭ᠎ᠠ ᠪᠣᠯᠭᠠᠪᠠ᠃ | ᠳᠥᠷᠪᠡ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ | ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ | ᠬᠤᠭᠤᠴᠠᠭ᠎ᠠ ᠨᠢ ᠲᠠᠪᠤᠨ ᠵᠢᠯ ᠪᠣᠯᠤᠨ᠎ᠠ᠂ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠳᠠᠷᠤᠮᠠᠯᠯᠠᠨ | ᠲᠠᠷᠬᠠᠭᠠᠭᠰᠠᠨ ᠪᠤᠰᠤᠳ ᠪᠢᠴᠢᠭ ᠮᠠᠲ᠋ᠧᠷᠢᠶᠠᠯ ᠨᠢ ᠲᠣᠰ ︽ᠮᠡᠳᠡᠭᠳᠡᠯ︾ ᠤᠨ ᠲᠣᠭᠲᠠᠭᠠᠯ ᠯᠤᠭ᠎ᠠ ᠨᠢᠭᠡᠳᠦᠯ ᠥᠬᠡᠶ ᠪᠠᠶᠢᠪᠠᠯ᠂ | ︽ᠮᠡᠳᠡᠭᠳᠡᠯ︾ ᠶᠣᠰᠣᠭᠠᠷ ᠬᠡᠷᠡᠭᠵᠢᠭᠦᠯᠦᠨ᠎ᠡ᠃ | |