ᠤᠩᠭᠤᠨ ᠠᠭᠤᠯᠠ ᠰᠣᠮᠣᠨ ᠤ ᠴᠠᠭᠠᠨ ᠡᠷᠬᠢ ᠭᠠᠴᠠᠭ᠎ᠠ ᠬᠤᠪᠢᠰᠬᠠᠯ ᠤᠨ ᠡᠬᠢ ᠪᠠᠶᠠᠯᠢᠭ ᠢᠶᠠᠨ ᠭᠦᠢᠴᠡᠳ ᠠᠰᠢᠭᠯᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠎ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/30
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠬᠦᠷᠴᠦ ᠢᠷᠡᠬᠦ ᠲᠠᠰᠢᠷᠠᠮ ᠳᠤ᠂  ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ 9 ᠳ᠋ᠣᠭᠡᠷ ᠰᠠᠷ᠎ᠠ ᠶᠢᠨ  28᠎ ᠤ ᠡᠳᠦᠷ᠂ ᠣᠩᠭᠤᠨ ᠠᠭᠤᠯᠠ ᠰᠣᠮᠣᠨ ᠤ ᠴᠠᠭᠠᠨ ᠡᠷᠬᠢ ᠭᠠᠴᠠᠭ᠎ᠠ ᠨᠢ ᠴᠠᠭᠠᠨ ᠡᠷᠬᠢ ᠶᠢᠨ ᠲᠣᠯᠣᠯᠳᠣᠭᠠᠨ ᠤ ᠪᠠᠭᠤᠷᠢ ᠶᠢᠨ ᠡᠨᠡᠬᠦ ᠬᠤᠪᠢᠰᠬᠠᠯᠲᠤ ᠬᠥᠮᠦᠵᠢᠯ ᠤᠨ ᠰᠠᠭᠤᠷᠢᠨ ᠭᠠᠵᠠᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠡᠯᠪᠡᠭ ᠪᠠᠶᠠᠯᠢᠭ ᠠᠭᠤᠯᠭ᠎ᠠ ᠲᠠᠢ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠎ ᠶᠢᠨ ᠰᠠᠷ᠎ᠠ︾᠎ ᠶᠢᠨ ᠠᠵᠢᠯᠯᠠᠭ᠎ᠠ ᠥᠷᠨᠢᠭᠦᠯᠪᠡ᠃ ᠳᠠᠭᠠᠭᠠᠴᠢᠯᠠᠭᠰᠠᠨ ᠪᠠᠶᠢᠭᠤᠯᠭ᠎ᠠ ᠨᠢᠭᠡᠴᠡ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠭᠠᠴᠠᠭᠠᠨ ᠤ ︽ᠬᠤᠶᠠᠷ ᠵᠥᠪᠯᠡᠯ︾ ᠵᠢᠴᠢ ᠮᠠᠯᠴᠢᠳ ᠢᠳᠡᠪᠬᠢᠯᠡᠨ ᠣᠷᠣᠯᠴᠠᠵᠠᠢ᠃     ᠠᠵᠢᠯᠯᠠᠭ᠎ᠠ ᠡᠬᠢᠯᠡᠮᠡᠭᠴᠡ᠂ ᠤᠯᠠᠨ ᠢᠶᠠᠷ ᠢᠶᠠᠨ ᠬᠤᠪᠢᠰᠬᠠᠯᠲᠣ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠤᠷᠢᠨ ᠦᠵᠡᠵᠦ᠂ ᠬᠤᠪᠢᠰᠬᠠᠯ ᠤᠨ ᠲᠡᠦᠬᠡ ᠶᠢᠨ ᠨᠥᠯᠥᠭᠡᠯᠡᠯ ᠳᠤᠮᠳᠠ ᠤᠯᠤᠰ ᠢᠶᠠᠨ ᠬᠠᠶᠢᠷᠠᠯᠠᠬᠤ ᠬᠥᠮᠦᠵᠢᠯ ᠢ ᠬᠦᠷᠲᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠨᠡᠩ ᠪᠠᠲᠣᠵᠢᠭᠤᠯᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ︱ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠬᠤᠨᠢᠴᠢᠨ ᠬᠠᠰᠢᠶᠠᠲᠣ ᠭᠠᠴᠠᠭᠠᠨ ᠤ ᠤᠤᠯ ᠤᠨ ᠨᠠᠮ ᠤᠨ ᠡᠭᠦᠷ ᠤᠨ ᠱᠦᠵᠢ ᠰᠢᠨᠡᠪᠠᠭᠠᠲᠣᠷ ᠢ ᠲᠤᠰᠬᠠᠶᠢᠯᠠᠨ ᠤᠷᠢᠵᠤ ᠦᠵᠡᠯᠲᠡ ᠪᠣᠳᠣᠯ ᠢᠶᠠᠨ ᠰᠣᠯᠢᠯᠪᠠ᠂ ᠲᠡᠭᠦᠨ ᠤ ᠨᠠᠮ ᠎ ᠤᠨ ᠭᠡᠰᠢᠭᠦᠨ ᠤ ᠬᠤᠰᠢᠭᠤᠴᠢ ᠳᠠᠭᠠᠭᠤᠯᠣᠭᠴᠢ ᠦᠢᠯᠡᠳᠦᠯ ᠢᠶᠠᠨ ᠪᠠᠳᠠᠷᠠᠭᠤᠯᠬᠤ᠂ ᠶᠠᠳᠠᠭᠤ ᠶᠢ ᠳᠡᠳᠬᠦᠬᠦ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ᠂ ᠭᠠᠴᠠᠭᠠᠨ ᠤ ᠬᠠᠮᠲᠣ ᠶᠢᠨ ᠠᠵᠣ ᠠᠬᠤᠢ ᠶᠢ ᠬᠦᠭᠵᠢᠭᠦᠯᠬᠦ ᠲᠣᠬᠠᠢ ᠦᠵᠡᠯᠲᠠ ᠵᠢᠴᠢ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠲᠣᠬᠠᠢ ᠲᠠᠶᠢᠯᠣᠮᠵᠢ ᠨᠢ ᠲᠤᠬᠠᠢ ᠶᠢᠨ ᠲᠠᠯᠠᠪᠤᠷ ᠲᠤ ᠪᠠᠶᠢᠭᠰᠠᠨ ᠬᠥᠮᠥᠨ ᠨᠢᠭᠡᠪᠦᠷᠢ ᠶᠢᠨ ᠰᠡᠳᠬᠢᠯ ᠢ ᠶᠡᠬᠡᠳᠡ ᠳᠣᠭᠳᠣᠯᠤᠭᠤᠯᠪᠠ᠃ ᠡᠭᠦᠨ ᠤ ᠳᠠᠷᠠᠭ᠎ᠠ᠂ ᠭᠠᠴᠠᠭᠠᠨ ᠤ ︽3.8︾᠎ ᠶᠢᠨ ᠤᠯᠠᠭᠠᠨ ᠲᠤᠭᠴᠢ᠂ ᠰᠠᠶᠢᠨ ᠡᠵᠢ᠂ ᠪᠣᠯᠪᠠᠰᠤᠨ ᠭᠡᠷ ᠪᠦᠯᠢ᠂ ᠲᠠᠪᠤᠨ ᠰᠠᠶᠢᠨᠲᠠᠢ ᠭᠡᠷ ᠪᠦᠯᠢ ᠶᠢ ᠬᠥᠬᠢᠭᠦᠯᠦᠨ ᠰᠠᠶᠢᠰᠢᠶᠠᠪᠠ᠂ ᠥᠯᠢᠭᠡᠷ ᠳᠠᠭᠤᠷᠢᠶᠠᠯ ᠢ ᠢᠶᠠᠷ ᠭᠡᠷ ᠪᠦᠯᠢ ᠶᠢᠨ ᠰᠠᠶᠢᠨ ᠰᠠᠶᠢᠬᠠᠨ ᠵᠠᠩ ᠰᠤᠷᠲᠠᠯ ᠪᠠ ᠨᠡᠶᠢᠭᠡᠮ ᠤᠨ ᠰᠢᠯᠢᠳᠡᠭ ᠬᠡᠪ ᠰᠤᠷᠲᠠᠯ ᠢ ᠪᠠᠳᠠᠷᠠᠭᠤᠯᠣᠨ ᠰᠣᠷᠲᠠᠯᠴᠢᠯᠠᠪᠠ᠃      ᠵᠠᠯᠭᠠᠭᠠᠳ ᠭᠤᠶᠢᠳᠠ ᠰᠠᠶᠢᠬᠠᠨ ᠰᠣᠶᠣᠯ ᠪᠡᠶ᠎ᠡ ᠲᠠᠮᠢᠷ ᠤᠨ ᠬᠥᠳᠡᠯᠭᠡᠭᠡᠨ ᠡᠬᠢᠯᠪᠡ᠃ ᠲᠣᠰ ᠠᠵᠢᠯᠯᠠᠭ᠎ᠠ ᠳᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠱᠠᠭ᠎ᠠ ᠲᠣᠭᠯᠠᠭᠠᠮ ᠢ ᠲᠣᠬᠢᠷᠠᠭᠤᠯᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠎ ᠶᠢ ᠮᠡᠳᠡᠷᠡᠭᠦᠯᠤᠨ᠂ ᠳᠡᠪᠡᠯ ᠡᠮᠦᠰᠬᠦ ᠤᠷᠤᠯᠳᠤᠭᠠᠨ ᠨᠢ ᠦᠨᠳᠦᠰᠦᠲᠡᠨ ᠤ ᠬᠤᠪᠴᠠᠰᠤ ᠵᠠᠰᠠᠯ ᠤᠨ ᠥᠪᠡᠷᠮᠢᠴᠡ ᠭᠤᠸ᠎ᠠ ᠰᠠᠶᠢᠬᠠᠨ ᠎ ᠢ ᠬᠠᠷᠠᠭᠤᠯᠵᠦ᠂ ᠬᠥᠵᠥᠷ ᠲᠣᠭᠯᠠᠭᠠᠮ ᠨᠢ ᠪᠠᠶᠠᠷ ᠬᠥᠷ ᠲᠠᠢ ᠠᠭᠤᠷ ᠠᠮᠢᠰᠬᠤᠯ ᠢ ᠨᠡᠮᠡᠭᠳᠡᠭᠦᠯᠪᠡ᠃ ᠡᠭᠦᠨ ᠠᠴᠠ ᠭᠠᠳᠠᠨ᠎ᠠ᠂ ᠨᠠᠮ ᠤᠨ ᠲᠡᠦᠬᠡ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠠᠭᠤᠯᠭ᠎ᠠ ᠶᠢ ᠬᠠᠮᠤᠷᠤᠭᠰᠠᠨ ᠮᠡᠳᠡᠯᠭᠡ ᠶᠢᠨ ᠤᠷᠤᠯᠳᠤᠭᠠᠨ ᠨᠢ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠣᠯᠠᠨ ᠤ ᠬᠠᠮᠢᠶ᠎ᠠ ᠪᠦᠬᠦᠢ ᠮᠡᠳᠡᠯᠭᠡ ᠶᠢᠨ ᠲᠤᠬᠠᠢ ᠣᠶᠢᠯᠠᠭᠠᠯᠲᠠ ᠪᠠ ᠲᠠᠨᠢᠯᠲᠠ ᠶᠢ ᠪᠦᠲᠦᠮᠵᠢᠲᠡᠶ ᠳᠡᠭᠡᠭᠰᠢᠯᠡᠭᠦᠯᠪᠡ᠃      ᠡᠨᠡ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠲᠤᠳᠬᠠᠵᠤ᠂ ᠲᠤᠬᠠᠢ ᠶᠢᠨ ᠭᠠᠵᠠᠷ ᠤᠨ ᠡᠯ᠎ᠡ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠪᠡ᠃ ᠦᠨᠳᠦᠰᠦᠲᠡᠨ ᠨᠦᠭᠦᠳ ᠤᠨ ᠤᠯᠠᠨ ᠲᠦᠮᠡᠨ ᠨᠡᠩ ᠴᠢᠩ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠰᠡᠳᠬᠢᠯ ᠨᠢᠬᠡᠳᠦᠨ ᠬᠦᠴᠦ ᠪᠠᠨ ᠬᠠᠮᠲᠤᠳᠬᠠᠵᠤ᠂ ᠰᠠᠶᠢᠨ ᠰᠠᠶᠢᠬᠠᠨ ᠢᠷᠡᠭᠡᠳᠦᠢ ᠶᠢᠨ ᠲᠥᠯᠥᠭᠡ ᠬᠠᠮᠲᠤ ᠪᠠᠷ ᠡᠷᠡᠯᠬᠡᠭᠯᠡᠨ ᠤᠷᠤᠭᠰᠢᠯᠠᠬᠤ ᠡᠷᠴᠢ ᠵᠣᠷᠢᠭ ᠢ ᠨᠢ ᠬᠦᠪᠴᠢᠯᠡᠪᠡ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号