ᠬᠦᠪᠡᠭᠡᠲᠦ ᠰᠢᠷ᠎ᠠ ᠬᠤᠰᠢᠭᠤ ︽ᠲᠣᠯᠠᠭᠠᠯᠠᠬᠤ ᠢᠨᠵᠧᠨᠧᠷᠢᠩ︾᠎ ᠢ ᠠᠬᠢᠭᠤᠯᠵᠤ ᠠᠷᠠᠳ ᠤᠨ ᠠᠮᠢᠳᠤᠷᠠᠯ ᠢ ᠬᠠᠯᠠᠮᠵᠢᠯᠠᠨ᠎ᠠ
ᠨᠡᠶᠢᠲᠡᠯᠡᠭᠰᠡᠨ ᠴᠠᠭ᠄
2024/9/4
     ︽ᠲᠣᠯᠠᠭᠠᠯᠠᠬᠤ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠶᠡᠭᠡ ᠢᠨᠵᠧᠨᠧᠷᠢᠩ︾᠎ ᠤᠨ ᠨᠢᠭᠡ ᠪᠠᠶᠢᠵᠤ᠂ ᠲᠦᠭ ᠲᠦᠮᠡᠨ ᠠᠶᠢᠯ ᠡᠷᠦᠬᠡ ᠎ ᠶᠢᠨ ᠠᠮᠤᠷ ᠲᠠᠶᠢᠪᠤᠩ ᠠᠵᠤ ᠲᠦᠷᠦᠭᠦ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠨᠡ ᠵᠢᠯ ᠠᠴᠠ ᠨᠠᠰᠢ᠂ ᠬᠥᠪᠡᠭᠡᠲᠦ ᠰᠢᠷ᠎ᠡ ᠬᠤᠰᠢᠭᠤ ︽ᠲᠣᠯᠠᠭᠠᠯᠠᠬᠤ ᠢᠨᠵᠧᠨᠧᠷᠢᠩ︾᠎ ᠢ ᠪᠦᠲᠦᠮᠵᠢᠲᠡᠢ ᠠᠬᠢᠭᠤᠯᠵᠤ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠣᠯᠤᠨ ᠢᠯᠴᠢ ᠬᠠᠩᠭᠠᠬᠤ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠲᠡᠬᠡᠭᠰᠢᠯᠡᠬᠦᠯᠵᠣ ᠪᠣᠢ᠃     ᠬᠥᠪᠡᠭᠡᠲᠦ ᠰᠢᠷ᠎ᠡ ᠬᠤᠰᠢᠭᠤᠨ ᠤ ᠰᠢᠨᠡᠪᠤᠯᠠᠭ ᠪᠠᠯᠭᠠᠰᠤᠨ ᠤ ︽ᠲᠣᠯᠠᠭᠠᠯᠠᠬᠤ ᠢᠨᠵᠧᠨᠧᠷᠢᠩ︾᠎ ᠤᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢᠨ ᠠᠬᠤᠢ ᠲᠠᠯᠠᠪᠠᠢ ᠳᠤ᠂ ᠮᠠᠰᠢᠨ ᠲᠤᠨᠤᠭ ᠬᠦᠷᠴᠢᠬᠢᠨᠠᠨ ᠠᠵᠢᠯᠯᠠᠵᠤ᠂ ᠴᠠᠬᠢᠯᠭᠠᠨ ᠭᠠᠩᠨᠠᠭᠤᠷ ᠤᠨ ᠤᠴᠢ ᠦᠰᠦᠷᠦᠨ ᠢᠯᠴᠢ ᠬᠠᠩᠭᠠᠬᠤ ᠬᠤᠭᠤᠯᠠᠢ ᠶᠢ ᠵᠠᠯᠭᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠯ᠎ᠠ᠃ ᠬᠥᠪᠡᠭᠡᠲᠦ ᠰᠢᠷ᠎ᠠ ᠬᠤᠰᠢᠭᠤᠨ ᠤ ᠪᠡᠶ᠎ᠡ ᠶᠢᠨ ᠲᠠᠮᠢᠷ ᠤᠨ ᠣᠷᠳᠣᠨ ᠤ ᠡᠮᠦᠨ᠎ᠡ ᠢᠯᠴᠢ ᠬᠠᠩᠭᠠᠬᠤ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠠᠬᠤᠢ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠶᠠᠭ ᠢᠯᠴᠢ ᠬᠠᠩᠭᠠᠬᠤ ᠬᠤᠭᠤᠯᠠᠢ ᠲᠣᠣᠷ ᠢ ᠭᠠᠩᠨᠠᠵᠤ᠂ ᠬᠤᠭᠤᠯᠠᠢ ᠲᠣᠣᠷ ᠤᠨ ᠳᠠᠭᠠᠯᠲᠠ ᠲᠥᠬᠦᠭᠡᠷᠦᠮᠵᠢ ᠶᠢ ᠣᠬᠰᠠᠷᠠᠨ᠎ᠠ᠃ ᠴᠡᠩᠭᠡᠯ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠬᠠᠭᠤᠴᠢᠷᠠᠵᠤ ᠰᠢᠨᠡᠳᠬᠡᠨ ᠥᠭᠡᠷᠡᠴᠢᠯᠡᠬᠦ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠶᠠᠭ ᠰᠠᠭᠤᠭᠠᠯᠢ ᠠᠷᠠᠳ ᠤᠨ ᠠᠰᠠᠷ ᠲᠤ ᠰᠢᠨ᠎ᠡ ᠪᠠᠷ ᠤᠭᠰᠠᠷᠠᠭᠰᠠᠨ ᠬᠤᠭᠤᠯᠠᠶ ᠶᠢ ᠰᠠᠭᠤᠯᠭᠠᠬᠤ ᠠᠵᠢᠯ ᠢ ᠬᠢᠵᠣ ᠶᠠᠭᠠᠷᠠᠯᠳᠣᠨ᠎ᠠ᠃     ᠡᠨᠡ ᠵᠢᠯ ᠤᠨ 4 ᠰᠠᠷ᠎ᠠ ᠶᠢᠨ 30᠎ ᠤ ᠡᠳᠦᠷ ᠠᠴᠠ ᠡᠬᠢᠯᠡᠨ᠂ ᠬᠥᠪᠡᠭᠡᠲᠦ ᠰᠢᠷ᠎ᠠ ᠬᠤᠰᠢᠭᠤ 2024 ᠣᠨ ᠤ ︽ᠲᠣᠯᠠᠭᠠᠯᠠᠬᠤ ᠢᠨᠵᠧᠨᠧᠷᠢᠩ︾᠎ ᠤᠨ ᠲᠥᠷᠥᠯ ᠵᠦᠢᠯ ᠢ ᠵᠢᠩᠬᠢᠨᠢ ᠪᠠᠷ ᠡᠬᠢᠯᠡᠬᠦᠯᠣᠨ᠂ 2024 ᠣᠨ ᠳᠤ 2600 ᠲᠦᠮᠡᠨ ᠲᠥᠭᠦᠷᠢᠭ ᠤᠨ ᠪᠠᠯᠠ ᠣᠷᠣᠭᠤᠯᠣᠨ᠂ 2 ᠲᠣᠯᠠᠭᠠᠯᠠᠬᠤ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ ᠢ 12 ᠺᠢᠯᠣᠮᠧᠲᠷ᠂ ᠰᠠᠭᠤᠭᠠᠯᠢ ᠲᠤᠭᠤᠷᠢᠭ ᠤᠨ ᠬᠤᠭᠤᠯᠠᠶ ᠶᠢᠨ ᠲᠣᠤᠷ ᠢ 4 ᠺᠢᠯᠣᠮᠧᠲᠷ ᠦᠬᠡᠷᠡᠴᠢᠯᠡᠬᠦ ᠪᠠᠷ ᠲᠦᠯᠣᠪᠯᠡᠵᠣ ᠪᠣᠢ᠃    ᠣᠶᠢᠯᠠᠭᠠᠭᠰᠠᠨ ᠢᠶᠠᠷ᠂ ᠣᠳᠣᠬᠠᠨ ᠳᠤ᠂ ᠬᠥᠪᠡᠭᠡᠲᠦ ᠰᠢᠷ᠎ᠡ ᠬᠤᠰᠢᠭᠤᠨ ᠤ ᠰᠢᠨᠡᠪᠤᠯᠠᠭ ᠪᠠᠯᠭᠠᠰᠤᠨ ᠤ ᠢᠯᠴᠢ ᠬᠠᠩᠭᠠᠬᠤ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠳᠤ 980 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠢᠯᠴᠢ ᠬᠠᠩᠭᠠᠬᠤ ᠬᠤᠶᠠᠳᠤᠭᠠᠷ ᠳᠡᠰ ᠤᠨ ᠬᠤᠭᠤᠯᠠᠢ ᠶᠢᠨ ᠲᠣᠣᠷ ᠢ 7.2 ᠺᠢᠯᠣᠮᠧᠲᠷ ᠰᠢᠨᠡᠳᠬᠡᠨ ᠦᠬᠡᠷᠡᠴᠢᠯᠡᠵᠣ᠂ ᠡᠭᠦᠨ ᠳᠤ ᠰᠠᠭᠤᠭᠠᠯᠢ ᠲᠤᠭᠤᠷᠢᠭ ᠤᠨ ᠬᠤᠭᠤᠯᠠᠢ ᠲᠣᠣᠷ 3.2 ᠺᠢᠯᠣᠮᠧᠲᠷ ᠪᠠᠶᠢᠵᠣ᠂ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ 90%᠎ ᠶᠢ ᠪᠠᠶᠠᠯᠡᠬᠦᠯᠪᠡ᠃ ᠰᠢᠨᠡᠪᠤᠯᠠᠭ ᠪᠠᠯᠭᠠᠰᠤᠨ ᠤ ᠢᠯᠴᠢ ᠬᠠᠩᠭᠠᠬᠤ ᠬᠤᠭᠤᠯᠠᠶ ᠶᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠳᠤ 1300 ᠲᠦᠮᠡᠨ ᠲᠥᠭᠦᠷᠢᠭ ᠤᠨ ᠪᠠᠯᠠ ᠣᠷᠣᠭᠤᠯᠵᠦ᠂ 7 ᠺᠢᠯᠣᠮᠧᠲᠷ ᠢᠯᠴᠢ ᠬᠠᠩᠭᠠᠬᠤ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠵᠦ᠂ ᠶᠡᠷᠦᠩᠬᠡᠶ ᠪᠦᠲᠦᠭᠡᠨ ᠪᠠᠶᠢᠭᠤᠯᠤᠯᠲᠠ ᠶᠢᠨ 88%᠎ ᠶᠢ ᠪᠡᠶᠡᠯᠡᠭᠦᠯᠪᠡ᠃ 9 ᠰᠠᠷ᠎ᠠ ᠶᠢᠨ ᠰᠡᠬᠦᠯᠴᠢ ᠎ ᠠᠴᠠ ᠡᠮᠦᠨ᠎ᠡ ᠪᠦᠬᠦ ᠠᠵᠢᠯ ᠢ ᠳᠠᠭᠤᠰᠬᠠᠬᠤ ᠪᠠᠷ ᠲᠥᠯᠥᠪᠯᠡᠵᠦ ᠪᠣᠢ᠃ ᠡᠬᠦᠨ ᠤ ᠬᠠᠮᠳᠣ᠂ ᠬᠥᠪᠡᠭᠡᠲᠦ ᠰᠢᠷ᠎ᠡ ᠬᠤᠰᠢᠭᠤᠨ ᠤ ᠢᠯᠴᠢ ᠬᠠᠩᠭᠠᠬᠤ ᠬᠦᠷᠢᠶ᠎ᠠ ᠬᠡᠪᠴᠢᠶᠠᠨ ᠤ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯ ᠢ ᠢᠳᠡᠪᠬᠢᠲᠡᠢ ᠠᠬᠢᠭᠤᠯᠵᠤ᠂ 800 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠢᠯᠴᠢ ᠬᠠᠩᠭᠠᠬᠤ ᠨᠢᠭᠡᠳᠦᠭᠡᠷ ᠳᠡᠰ ᠤᠨ ᠬᠤᠭᠤᠯᠠᠢ ᠲᠣᠣᠷ ᠢ 2.8 ᠺᠢᠯᠣᠮᠧᠲᠷ ᠰᠢᠨᠡᠳᠬᠡᠨ ᠥᠭᠡᠷᠡᠴᠢᠯᠡᠵᠦ᠂ ᠣᠳᠣᠬᠠᠨ ᠳᠤ ᠶᠡᠷᠦᠩᠬᠡᠢ ᠠᠵᠢᠯ ᠎ ᠤᠨ 80%᠎ ᠶᠢ ᠨᠢᠭᠡᠨᠲᠡ ᠪᠡᠶᠡᠯᠡᠭᠦᠯᠪᠡ᠃     ᠬᠥᠪᠡᠭᠡᠲᠦ ᠰᠢᠷ᠎ᠡ ᠬᠤᠰᠢᠭᠤ ︽ᠲᠣᠯᠠᠭᠠᠯᠠᠬᠤ ᠢᠨᠵᠧᠨᠧᠷᠢᠩ︾᠎ ᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ ᠪᠦᠲᠦᠮᠵᠢ ᠶᠢ ᠬᠡᠮᠵᠢᠬᠦ ᠪᠠᠷᠢᠮᠵᠢᠶ᠎ᠠ ᠪᠣᠯᠭᠠᠵᠤ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭᠠᠳᠬᠠᠵᠤ᠂ ︽ᠲᠣᠯᠠᠭᠠᠯᠠᠬᠤ ᠢᠨᠵᠧᠨᠧᠷᠢᠩ︾᠎ ᠤᠨ ᠬᠤᠷᠳᠤᠴᠠ ᠶᠢ ᠲᠦᠷᠭᠡᠳᠭᠡᠵᠦ᠂ ᠠᠷᠠᠳ ᠣᠯᠠᠨ ᠳᠤ ᠪᠤᠶᠠᠨ ᠵᠢᠷᠭᠠᠯ ᠡᠳ᠋ᠯᠡᠬᠦᠯᠬᠦ ᠪᠠᠷ ᠴᠢᠷᠮᠠᠶᠢᠵᠣ ᠪᠣᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号