ᠡᠷᠡᠭᠦᠯ ᠬᠠᠮᠠᠭᠠᠯᠠᠯ ᠤᠨ ᠰᠢᠰᠲ᠋ᠧᠮ ︽ᠳᠤᠮᠳᠠᠳᠤ ᠤᠯᠤᠰ ᠤᠨ ᠡᠮᠴᠢ ᠶᠢᠨ ᠪᠠᠶᠠᠷ︾᠎ ᠢ ᠪᠡᠯᠭᠡᠯᠡᠬᠦ ᠰᠢᠷᠢᠰ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/9/4
     ᠳᠣᠯᠣᠳᠤᠭᠠᠷ ᠣᠳᠠᠭᠠᠨ ᠤ ᠳᠤᠮᠳᠠᠳᠤ ᠤᠯᠤᠰ ᠤᠨ ᠡᠮᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 8 ᠰᠠᠷ᠎ᠠ ᠶᠢᠨ 18᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠡᠷᠡᠭᠦᠯ ᠬᠠᠮᠠᠭᠠᠯᠠᠯ ᠤᠨ ᠰᠢᠰᠲ᠋ᠧᠮ ᠳᠣᠯᠣᠳᠤᠭᠠᠷ ᠣᠳᠠᠭᠠᠨ ᠤ ︽ᠳᠤᠮᠳᠠᠳᠤ ᠤᠯᠤᠰ ᠤᠨ ᠡᠮᠴᠢ ᠶᠢᠨ ᠪᠠᠶᠠᠷ︾᠎ ᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠲᠡᠬᠡᠷ᠎ᠡ᠂ ᠰᠢᠯᠢᠳᠡᠭ ᠡᠮᠴᠢᠯᠡᠬᠡᠨ ᠤ ᠠᠵᠢᠯᠲᠠᠳ ᠢ ᠬᠥᠬᠢᠭᠦᠯᠦᠨ ᠱᠠᠩᠨᠠᠪᠠ᠃ ᠱᠠᠩᠨᠠᠯ ᠣᠯᠤᠭᠰᠠᠨ ᠲᠥᠯᠥᠭᠡᠯᠡᠭᠴᠢᠳ ᠲᠠᠶᠢᠰᠠᠨ ᠳᠤ ᠭᠠᠷᠴᠤ ᠲᠥᠷᠥᠭᠳᠡᠯ ᠢᠶᠠᠨ ᠢᠯᠡᠳᠬᠡᠵᠦ᠂ ᠥᠪᠡᠷ ᠤᠨ ᠡᠮᠴᠢᠯᠡᠭᠡᠨ ᠤ ᠠᠵᠢᠯ ᠤᠨ ᠳᠤᠮᠳᠠᠬᠢ ᠰᠡᠳᠬᠢᠯ ᠬᠥᠳᠡᠯᠭᠡᠮ᠎ᠡ ᠥᠩᠭᠡᠷᠡᠯᠲᠡ ᠪᠠ ᠥᠯᠢᠭᠡᠷ ᠢᠶᠠᠨ ᠤᠯᠠᠨ ᠲᠠᠢ ᠬᠤᠪᠢᠶᠠᠯᠴᠠᠬᠰᠠᠨ ᠪᠠᠶᠢᠨ᠎ᠠ᠃      ᠳᠠᠷᠠᠭ᠎ᠠ ᠨᠢ ᠡᠷᠡᠬᠦᠯ ᠬᠠᠮᠠᠭᠠᠯᠠᠯ ᠤᠨ ᠰᠢᠰᠲ᠋ᠧᠮ ᠤᠨ ᠠᠵᠢᠯᠲᠠᠳ ᠤᠨ ᠲᠠᠮᠢᠷ ᠤᠨ ᠣᠷᠣᠯᠳᠣᠭᠠᠨ ᠶᠠᠪᠣᠬᠳᠠᠭᠤᠯᠵᠣ᠂ ᠡᠷᠡᠭᠲᠡᠶ ᠪᠠ ᠡᠮᠡᠭᠲᠡᠶ ᠶᠢᠨ 100 ᠮᠧᠲᠷ᠂ ᠡᠷᠡᠭᠲᠡᠶ᠂ ᠡᠮᠡᠭᠲᠡᠶ ᠶᠢᠨ ᠬᠦᠴᠣᠨ ᠵᠠᠯᠭᠠᠬᠤ ᠤᠷᠤᠯᠳᠤᠭᠠᠨ᠂ ᠡᠷᠡᠭᠲᠡᠶ ᠡᠮᠡᠭᠲᠡᠶ ᠶᠢᠨ ᠬᠦᠴᠣᠨ ᠵᠠᠯᠭᠠᠬᠤ ᠤᠷᠤᠯᠳᠤᠭᠠᠨ᠂ ᠬᠠᠮᠲᠤ ᠪᠠᠷ ᠳᠡᠭᠡᠰᠦ ᠦᠰᠦᠷᠬᠦ᠂ ᠫᠢᠩᠫᠠᠩ ᠪᠥᠮᠪᠦᠭᠡ ᠲᠠᠮᠵᠢᠭᠤᠯᠬᠤ᠂ ᠣᠯᠠᠨ ᠬᠥᠮᠦᠨ ᠪᠥᠮᠪᠦᠭᠡ ᠬᠠᠪᠴᠢᠭᠤᠯᠵᠤ ᠬᠦᠶᠦᠬᠦ ᠵᠡᠷᠭᠡ ᠤᠷᠤᠯᠳᠤᠭᠠᠨ ᠢ ᠲᠣᠬᠢᠷᠠᠭᠤᠯᠵᠣ᠂ ᠲᠠᠮᠢᠷᠴᠢᠳ ᠪᠦᠬᠦ ᠰᠡᠳᠬᠢᠯ ᠪᠦᠬᠦ ᠵᠣᠷᠢᠭ ᠢᠶᠠᠷ ᠢᠶᠠᠨ᠂ ᠬᠦᠴᠣ ᠪᠠᠨ ᠬᠠᠮᠳᠣᠳᠬᠠᠨ ᠤᠷᠤᠯᠳᠤᠭᠠᠨ ᠳᠤ ᠣᠷᠣᠯᠴᠠᠵᠣ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠦᠷᠢᠰᠦᠯᠳᠦᠭᠡᠨ ᠰᠢᠷᠦᠬᠦᠨ ᠪᠠᠶᠢᠯ᠎ᠠ᠃     ᠲᠣᠰ ᠤᠳᠠᠭᠠᠨ ᠤ ᠠᠵᠢᠯᠯᠠᠭ᠎ᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠵᠢᠯᠲᠠᠨ ᠠᠵᠢᠯᠴᠢᠨ᠂ ᠢᠯᠠᠩᠭᠤᠶ᠎ᠠ ᠥᠷᠭᠡᠨ ᠣᠯᠠᠨ ᠡᠮᠴᠢ ᠳᠤ ᠬᠠᠮᠲᠦ ᠶᠢᠨ ᠬᠠᠮᠵᠢᠯᠴᠠᠭ᠎ᠠ ᠪᠠ ᠬᠤᠪᠢ ᠬᠥᠮᠦᠨ ᠤ ᠴᠤᠭ ᠵᠢᠪᠬᠤᠭ᠎ᠠ ᠶᠢ ᠢᠯᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠲᠦᠷ ᠴᠠᠭ ᠴᠤ ᠭᠡᠰᠡᠨ ᠪᠠᠴᠢᠮ ᠶᠠᠭᠠᠷᠠᠯᠲᠠᠢ ᠡᠮᠴᠢᠯᠡᠭᠡᠨ ᠤ ᠠᠵᠢᠯᠲᠠᠳ ᠤᠨ ᠠᠵᠢᠯ ᠤᠨ ᠶᠠᠳᠠᠷᠠᠭ᠎ᠠ ᠴᠢᠯᠡᠭᠡ ᠶᠢ ᠲᠠᠶᠢᠯᠵᠤ ᠴᠢᠳᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号