ᠬᠦᠪᠡᠭᠡᠲᠦ ᠰᠢᠷ᠎ᠠ ᠬᠤᠰᠢᠭᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠥᠷᠨᠢᠬᠦᠯᠪᠡ
ᠨᠡᠶᠢᠲᠡᠯᠡᠭᠰᠡᠨ ᠴᠠᠭ᠄
2024/9/4
     ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠣᠯ ᠭᠤᠶᠠᠴᠢ ᠦᠭᠡᠢ ᠡᠷᠬᠢᠮ ᠳᠡᠭᠡᠳᠦ ᠵᠤᠷᠢᠭ ᠰᠠᠨᠠᠭᠠᠨ ᠤ ᠢᠯᠡᠷᠡᠯ᠂ ᠭᠠᠴᠢᠭᠳᠠᠭᠰᠠᠨ ᠨᠢᠭᠡᠨ ᠢᠶᠠᠨ ᠳᠤᠰᠠᠯᠠᠬᠤ ᠨᠢᠩᠵᠢᠨ ᠰᠡᠳᠬᠢᠯ ᠤᠨ ᠦᠭᠬᠦᠭᠡᠵᠢ᠂ ᠮᠦᠨ ᠴᠤ ᠡᠶ᠎ᠡ ᠵᠣᠬᠢᠴᠠᠯ ᠲᠠᠢ ᠨᠡᠶᠢᠭᠡᠮ ᠤᠨ ᠴᠢᠬᠤᠯᠠ ᠬᠡᠷᠡᠭᠴᠡᠭᠡ ᠪᠤᠯᠤᠨ᠎ᠠ᠃ 8 ᠰᠠᠷ᠎ᠠ ᠶᠢᠨ 22᠎ ᠤ ᠡᠳᠦᠷ᠂ ᠮᠠᠨ ᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠤᠨ ᠰᠢᠯᠢ ᠶᠢᠨ ᠭᠤᠤᠯ ᠠᠶᠢᠮᠠᠭ ᠤᠨ ᠭᠤᠤᠯᠳᠠᠯᠭᠠᠳᠦ ᠴᠢᠰᠤᠨ ᠤ ᠥᠷᠲᠡᠭᠡ ᠠᠴᠠ ᠬᠠᠮᠲᠤᠷᠠᠨ ᠥᠷᠨᠢᠭᠦᠯᠦᠭᠰᠡᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠪᠠ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠥᠯᠢᠭᠡᠷ ᠢ ᠴᠤᠭᠯᠠᠭᠤᠯᠬᠤ ᠠᠵᠢᠯᠯᠠᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠦᠮᠦᠡᠯᠢᠭ ᠦᠵᠡᠯ ᠤᠨ ᠰᠣᠶᠣᠯ ᠢ ᠤᠯᠠᠮᠵᠢᠯᠠᠬᠤ ᠰᠠᠭᠤᠷᠢᠨ ᠭᠠᠵᠠᠷ ᠲᠤ ᠶᠠᠪᠤᠭᠳᠠᠵᠠᠢ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠴᠢᠰᠤ ᠬᠠᠨᠳᠢᠪᠯᠠᠬᠤ ᠲᠣᠭᠲᠠᠭᠠᠯ ᠶᠤᠰᠤᠭᠠᠷ ᠠᠵᠢᠯᠯᠠᠵᠤ᠂ ᠡᠮᠴᠢ ᠰᠤᠪᠢᠯᠠᠭᠴᠢᠳ ᠠᠴᠠ ᠴᠢᠰᠤ ᠬᠠᠨᠳᠢᠪᠯᠠᠬᠤ ᠬᠠᠮᠢᠶ᠎ᠠ ᠪᠥᠬᠦᠶ ᠮᠡᠳᠡᠯᠭᠡ ᠵᠢᠴᠢ ᠠᠩᠬᠠᠷᠬᠤ ᠵᠦᠢᠯᠡᠰ ᠢ ᠤᠬᠠᠭᠤᠯᠵᠤ᠂ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠬᠦᠰᠦᠨᠦᠭ ᠲᠠᠭᠯᠠᠬᠤ᠂ ᠴᠢᠰᠤᠨ ᠳᠠᠷᠤᠯᠲᠠ ᠬᠡᠮᠵᠢᠬᠦ᠂ ᠴᠢᠰᠤᠨ ᠤ ᠦᠯᠢᠭᠡᠷ ᠬᠡᠮᠵᠢᠬᠦ ᠵᠡᠷᠭᠡ ᠴᠢᠰᠤ ᠬᠠᠨᠳᠢᠪᠯᠠᠬᠤ ᠪᠡᠯᠡᠳᠬᠡᠯ ᠠᠵᠢᠯ ᠢ ᠶᠠᠪᠤᠭᠳᠠᠭᠤᠯᠵᠤ᠂ ᠬᠠᠮᠢᠶ᠎ᠠ ᠪᠦᠬᠦᠢ ᠪᠠᠶᠢᠴᠠᠭᠠᠯᠳᠠ ᠳᠤ ᠬᠢᠷᠢ ᠲᠡᠩᠴᠡᠭᠰᠡᠳ ᠡᠮᠬᠢ ᠳᠠᠷᠠᠭ᠎ᠠ ᠲᠠᠢ ᠪᠠᠷ ᠴᠢᠰᠤ ᠬᠠᠨᠳᠢᠪᠯᠠᠵᠠᠢ᠃     ᠴᠢᠰᠦ ᠬᠠᠨᠳᠢᠪᠯᠠᠬᠤ ᠠᠵᠢᠯᠯᠠᠭ᠎ᠠ ᠳᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠢᠳᠡᠪᠬᠢᠯᠡᠨ ᠤᠷᠤᠯᠴᠠᠵᠤ᠂ ᠨᠡᠶᠢᠲᠡ 63 ᠰᠠᠶᠢᠨ ᠲᠤᠷ᠎ᠠ ᠠᠴᠠ ᠪᠠᠨ ᠴᠢᠰᠦ ᠬᠠᠨᠳᠢᠪᠯᠠᠭᠴᠢᠳ ᠠᠴᠠ 20100 ᠮᠢᠯᠢᠯᠢᠲᠷ ᠴᠢᠰᠤ ᠶᠢ ᠠᠮᠵᠢᠯᠲᠠᠲᠠᠶ ᠬᠠᠨᠳᠢᠪᠯᠠᠵᠤ᠂ ᠴᠢᠰᠤ ᠪᠦᠲᠦᠭᠡᠬᠦ ᠭᠤᠤᠯ ᠡᠰ ᠤᠨ ᠵᠠᠭᠪᠤᠷ ᠴᠤᠭᠯᠠᠭᠤᠯᠬᠤ ᠠᠵᠢᠯᠯᠠᠭ᠎ᠠ ᠳᠤ 14 ᠬᠦᠮᠦᠨ ᠨᠡᠷ᠎ᠡ ᠮᠡᠳᠡᠭᠦᠯᠵᠡᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号