ᠬᠦᠪᠡᠭᠡᠲᠦ ᠰᠢᠷ᠎ᠠ ᠬᠤᠰᠢᠭᠤ ︽ᠲᠣᠯᠠᠭᠠᠯᠠᠬᠤ ᠢᠨᠵᠧᠨᠧᠷᠢᠩ︾ ᠢ ᠠᠬᠢᠭᠤᠯᠵᠤ ᠠᠷᠠᠳ ᠤᠨ ᠠᠮᠢᠳᠤᠷᠠᠯ ᠢ ᠬᠠᠯᠠᠮᠵᠢᠯᠠᠨ᠎ᠠ
ᠨᠡᠶᠢᠲᠡᠯᠡᠭᠰᠡᠨ ᠴᠠᠭ᠄
2024/9/4
     ︽ᠲᠣᠯᠠᠭᠠᠯᠠᠬᠤ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠶᠡᠭᠡ ᠢᠨᠵᠧᠨᠧᠷᠢᠩ︾ ᠤᠨ ᠨᠢᠭᠡ ᠪᠠᠶᠢᠵᠤ᠂ ᠲᠦᠭ ᠲᠦᠮᠡᠨ ᠠᠶᠢᠯ ᠡᠷᠦᠬᠡ  ᠶᠢᠨ ᠠᠮᠤᠷ ᠲᠠᠶᠢᠪᠤᠩ ᠠᠵᠤ ᠲᠦᠷᠦᠭᠦ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠨᠡ ᠵᠢᠯ ᠠᠴᠠ ᠨᠠᠰᠢ᠂ ᠬᠥᠪᠡᠭᠡᠲᠦ ᠰᠢᠷ᠎ᠡ ᠬᠤᠰᠢᠭᠤ ︽ᠲᠣᠯᠠᠭᠠᠯᠠᠬᠤ ᠢᠨᠵᠧᠨᠧᠷᠢᠩ︾ ᠢ ᠪᠦᠲᠦᠮᠵᠢᠲᠡᠢ ᠠᠬᠢᠭᠤᠯᠵᠤ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠣᠯᠤᠨ ᠢᠯᠴᠢ ᠬᠠᠩᠭᠠᠬᠤ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠲᠡᠬᠡᠭᠰᠢᠯᠡᠬᠦᠯᠵᠣ ᠪᠣᠢ᠃     ᠬᠥᠪᠡᠭᠡᠲᠦ ᠰᠢᠷ᠎ᠡ ᠬᠤᠰᠢᠭᠤᠨ ᠤ ᠰᠢᠨᠡᠪᠤᠯᠠᠭ ᠪᠠᠯᠭᠠᠰᠤᠨ ᠤ ︽ᠲᠣᠯᠠᠭᠠᠯᠠᠬᠤ ᠢᠨᠵᠧᠨᠧᠷᠢᠩ︾ ᠤᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢᠨ ᠠᠬᠤᠢ ᠲᠠᠯᠠᠪᠠᠢ ᠳᠤ᠂ ᠮᠠᠰᠢᠨ ᠲᠤᠨᠤᠭ ᠬᠦᠷᠴᠢᠬᠢᠨᠠᠨ ᠠᠵᠢᠯᠯᠠᠵᠤ᠂ ᠴᠠᠬᠢᠯᠭᠠᠨ ᠭᠠᠩᠨᠠᠭᠤᠷ ᠤᠨ ᠤᠴᠢ ᠦᠰᠦᠷᠦᠨ ᠢᠯᠴᠢ ᠬᠠᠩᠭᠠᠬᠤ ᠬᠤᠭᠤᠯᠠᠢ ᠶᠢ ᠵᠠᠯᠭᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠯ᠎ᠠ᠃ ᠬᠥᠪᠡᠭᠡᠲᠦ ᠰᠢᠷ᠎ᠠ ᠬᠤᠰᠢᠭᠤᠨ ᠤ ᠪᠡᠶ᠎ᠡ ᠶᠢᠨ ᠲᠠᠮᠢᠷ ᠤᠨ ᠣᠷᠳᠣᠨ ᠤ ᠡᠮᠦᠨ᠎ᠡ ᠢᠯᠴᠢ ᠬᠠᠩᠭᠠᠬᠤ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠠᠬᠤᠢ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠶᠠᠭ ᠢᠯᠴᠢ ᠬᠠᠩᠭᠠᠬᠤ ᠬᠤᠭᠤᠯᠠᠢ ᠲᠣᠣᠷ ᠢ ᠭᠠᠩᠨᠠᠵᠤ᠂ ᠬᠤᠭᠤᠯᠠᠢ ᠲᠣᠣᠷ ᠤᠨ ᠳᠠᠭᠠᠯᠲᠠ ᠲᠥᠬᠦᠭᠡᠷᠦᠮᠵᠢ ᠶᠢ ᠣᠬᠰᠠᠷᠠᠨ᠎ᠠ᠃ ᠴᠡᠩᠭᠡᠯ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠬᠠᠭᠤᠴᠢᠷᠠᠵᠤ ᠰᠢᠨᠡᠳᠬᠡᠨ ᠥᠭᠡᠷᠡᠴᠢᠯᠡᠬᠦ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠶᠠᠭ ᠰᠠᠭᠤᠭᠠᠯᠢ ᠠᠷᠠᠳ ᠤᠨ ᠠᠰᠠᠷ ᠲᠤ ᠰᠢᠨ᠎ᠡ ᠪᠠᠷ ᠤᠭᠰᠠᠷᠠᠭᠰᠠᠨ ᠬᠤᠭᠤᠯᠠᠶ ᠶᠢ ᠰᠠᠭᠤᠯᠭᠠᠬᠤ ᠠᠵᠢᠯ ᠢ ᠬᠢᠵᠣ ᠶᠠᠭᠠᠷᠠᠯᠳᠣᠨ᠎ᠠ᠃     ᠡᠨᠡ ᠵᠢᠯ ᠤᠨ 4 ᠰᠠᠷ᠎ᠠ ᠶᠢᠨ 30 ᠤ ᠡᠳᠦᠷ ᠠᠴᠠ ᠡᠬᠢᠯᠡᠨ᠂ ᠬᠥᠪᠡᠭᠡᠲᠦ ᠰᠢᠷ᠎ᠠ ᠬᠤᠰᠢᠭᠤ 2024 ᠣᠨ ᠤ ︽ᠲᠣᠯᠠᠭᠠᠯᠠᠬᠤ ᠢᠨᠵᠧᠨᠧᠷᠢᠩ︾ ᠤᠨ ᠲᠥᠷᠥᠯ ᠵᠦᠢᠯ ᠢ ᠵᠢᠩᠬᠢᠨᠢ ᠪᠠᠷ ᠡᠬᠢᠯᠡᠬᠦᠯᠣᠨ᠂ 2024 ᠣᠨ ᠳᠤ 2600 ᠲᠦᠮᠡᠨ ᠲᠥᠭᠦᠷᠢᠭ ᠤᠨ ᠪᠠᠯᠠ ᠣᠷᠣᠭᠤᠯᠣᠨ᠂ 2 ᠲᠣᠯᠠᠭᠠᠯᠠᠬᠤ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ ᠢ 12 ᠺᠢᠯᠣᠮᠧᠲᠷ᠂ ᠰᠠᠭᠤᠭᠠᠯᠢ ᠲᠤᠭᠤᠷᠢᠭ ᠤᠨ ᠬᠤᠭᠤᠯᠠᠶ ᠶᠢᠨ ᠲᠣᠤᠷ ᠢ 4 ᠺᠢᠯᠣᠮᠧᠲᠷ ᠦᠬᠡᠷᠡᠴᠢᠯᠡᠬᠦ ᠪᠠᠷ ᠲᠦᠯᠣᠪᠯᠡᠵᠣ ᠪᠣᠢ᠃    ᠣᠶᠢᠯᠠᠭᠠᠭᠰᠠᠨ ᠢᠶᠠᠷ᠂ ᠣᠳᠣᠬᠠᠨ ᠳᠤ᠂ ᠬᠥᠪᠡᠭᠡᠲᠦ ᠰᠢᠷ᠎ᠡ ᠬᠤᠰᠢᠭᠤᠨ ᠤ ᠰᠢᠨᠡᠪᠤᠯᠠᠭ ᠪᠠᠯᠭᠠᠰᠤᠨ ᠤ ᠢᠯᠴᠢ ᠬᠠᠩᠭᠠᠬᠤ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠳᠤ 980 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠢᠯᠴᠢ ᠬᠠᠩᠭᠠᠬᠤ ᠬᠤᠶᠠᠳᠤᠭᠠᠷ ᠳᠡᠰ ᠤᠨ ᠬᠤᠭᠤᠯᠠᠢ ᠶᠢᠨ ᠲᠣᠣᠷ ᠢ 7.2 ᠺᠢᠯᠣᠮᠧᠲᠷ ᠰᠢᠨᠡᠳᠬᠡᠨ ᠦᠬᠡᠷᠡᠴᠢᠯᠡᠵᠣ᠂ ᠡᠭᠦᠨ ᠳᠤ ᠰᠠᠭᠤᠭᠠᠯᠢ ᠲᠤᠭᠤᠷᠢᠭ ᠤᠨ ᠬᠤᠭᠤᠯᠠᠢ ᠲᠣᠣᠷ 3.2 ᠺᠢᠯᠣᠮᠧᠲᠷ ᠪᠠᠶᠢᠵᠣ᠂ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ 90% ᠶᠢ ᠪᠠᠶᠠᠯᠡᠬᠦᠯᠪᠡ᠃ ᠰᠢᠨᠡᠪᠤᠯᠠᠭ ᠪᠠᠯᠭᠠᠰᠤᠨ ᠤ ᠢᠯᠴᠢ ᠬᠠᠩᠭᠠᠬᠤ ᠬᠤᠭᠤᠯᠠᠶ ᠶᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠳᠤ 1300 ᠲᠦᠮᠡᠨ ᠲᠥᠭᠦᠷᠢᠭ ᠤᠨ ᠪᠠᠯᠠ ᠣᠷᠣᠭᠤᠯᠵᠦ᠂ 7 ᠺᠢᠯᠣᠮᠧᠲᠷ ᠢᠯᠴᠢ ᠬᠠᠩᠭᠠᠬᠤ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠵᠦ᠂ ᠶᠡᠷᠦᠩᠬᠡᠶ ᠪᠦᠲᠦᠭᠡᠨ ᠪᠠᠶᠢᠭᠤᠯᠤᠯᠲᠠ ᠶᠢᠨ 88% ᠶᠢ ᠪᠡᠶᠡᠯᠡᠭᠦᠯᠪᠡ᠃ 9 ᠰᠠᠷ᠎ᠠ ᠶᠢᠨ ᠰᠡᠬᠦᠯᠴᠢ  ᠠᠴᠠ ᠡᠮᠦᠨ᠎ᠡ ᠪᠦᠬᠦ ᠠᠵᠢᠯ ᠢ ᠳᠠᠭᠤᠰᠬᠠᠬᠤ ᠪᠠᠷ ᠲᠥᠯᠥᠪᠯᠡᠵᠦ ᠪᠣᠢ᠃ ᠡᠬᠦᠨ ᠤ ᠬᠠᠮᠳᠣ᠂ ᠬᠥᠪᠡᠭᠡᠲᠦ ᠰᠢᠷ᠎ᠡ ᠬᠤᠰᠢᠭᠤᠨ ᠤ ᠢᠯᠴᠢ ᠬᠠᠩᠭᠠᠬᠤ ᠬᠦᠷᠢᠶ᠎ᠠ ᠬᠡᠪᠴᠢᠶᠠᠨ ᠤ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯ ᠢ ᠢᠳᠡᠪᠬᠢᠲᠡᠢ ᠠᠬᠢᠭᠤᠯᠵᠤ᠂ 800 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠢᠯᠴᠢ ᠬᠠᠩᠭᠠᠬᠤ ᠨᠢᠭᠡᠳᠦᠭᠡᠷ ᠳᠡᠰ ᠤᠨ ᠬᠤᠭᠤᠯᠠᠢ ᠲᠣᠣᠷ ᠢ 2.8 ᠺᠢᠯᠣᠮᠧᠲᠷ ᠰᠢᠨᠡᠳᠬᠡᠨ ᠥᠭᠡᠷᠡᠴᠢᠯᠡᠵᠦ᠂ ᠣᠳᠣᠬᠠᠨ ᠳᠤ ᠶᠡᠷᠦᠩᠬᠡᠢ ᠠᠵᠢᠯ  ᠤᠨ 80% ᠶᠢ ᠨᠢᠭᠡᠨᠲᠡ ᠪᠡᠶᠡᠯᠡᠭᠦᠯᠪᠡ᠃     ᠬᠥᠪᠡᠭᠡᠲᠦ ᠰᠢᠷ᠎ᠡ ᠬᠤᠰᠢᠭᠤ ︽ᠲᠣᠯᠠᠭᠠᠯᠠᠬᠤ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ ᠪᠦᠲᠦᠮᠵᠢ ᠶᠢ ᠬᠡᠮᠵᠢᠬᠦ ᠪᠠᠷᠢᠮᠵᠢᠶ᠎ᠠ ᠪᠣᠯᠭᠠᠵᠤ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭᠠᠳᠬᠠᠵᠤ᠂ ︽ᠲᠣᠯᠠᠭᠠᠯᠠᠬᠤ ᠢᠨᠵᠧᠨᠧᠷᠢᠩ︾ ᠤᠨ ᠬᠤᠷᠳᠤᠴᠠ ᠶᠢ ᠲᠦᠷᠭᠡᠳᠭᠡᠵᠦ᠂ ᠠᠷᠠᠳ ᠣᠯᠠᠨ ᠳᠤ ᠪᠤᠶᠠᠨ ᠵᠢᠷᠭᠠᠯ ᠡᠳ᠋ᠯᠡᠬᠦᠯᠬᠦ ᠪᠠᠷ ᠴᠢᠷᠮᠠᠶᠢᠵᠣ ᠪᠣᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号