ᠬᠦᠪᠡᠭᠡᠲᠦ ᠰᠢᠷ᠎ᠠ ᠬᠤᠰᠢᠭᠤᠨ ᠤ ︽ᠠᠰᠣᠷᠣ︾ ᠤᠷᠠᠯᠢᠭ ᠤᠨ ᠪᠦᠯᠬᠦᠮ ᠦᠨᠳᠦᠰᠦᠨ ᠱᠠᠳᠤᠨ ᠳᠤ ᠲᠤᠭᠯᠠᠯᠳᠠ ᠭᠠᠷᠭᠠᠪᠠ
ᠨᠡᠶᠢᠲᠡᠯᠡᠭᠰᠡᠨ ᠴᠠᠭ᠄
2024/9/4
    ᠠᠰᠤᠷᠤ ᠬᠦᠭᠵᠢᠮ ᠢᠶᠠᠨ ᠤᠯᠠᠮ ᠲᠦᠭᠡᠮᠡᠯᠵᠢᠬᠦᠯᠦᠨ ᠳᠡᠯᠭᠡᠷᠡᠬᠦᠯᠬᠦ ᠵᠤᠷᠢᠯᠭ᠎ᠠ ᠪᠠᠷ 9 ᠰᠠᠷ᠎ᠠ ᠶᠢᠨ 1 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ︽ᠠᠰᠣᠷᠣ︾ ᠨᠠᠰᠤᠳᠠᠶᠢᠴᠤᠳ ᠤᠨ ᠤᠷᠠᠯᠢᠭ ᠤᠨ ᠪᠦᠯᠬᠦᠮ᠂ ᠰᠥᠨᠢᠳ ᠪᠠᠷᠠᠭᠤᠨ ᠬᠤᠰᠢᠭᠤᠨ ᠤ ᠰᠣᠶᠣᠯ ᠤᠨ ᠣᠷᠳᠣᠨ ᠤ ᠠᠰᠤᠷᠤ ᠤᠷᠠᠯᠢᠭ ᠤᠨ ᠪᠦᠯᠬᠦᠮ᠂ ᠪᠦᠷᠢᠨ ᠰᠣᠶᠣᠯ ᠤᠨ ᠦᠢᠯᠡᠴᠢᠯᠡᠭᠡᠨ ᠤ ᠲᠥᠪ ᠬᠠᠮᠲᠤᠪᠠᠷ ᠬᠥᠪᠡᠭᠡᠲᠦ ᠰᠢᠷ᠎ᠠ ᠬᠤᠰᠢᠭᠤᠨ ᠤ ᠬᠠᠰᠢᠶᠠᠲᠤ ᠨᠡᠶᠢᠭᠡᠮ ᠲᠣᠭᠤᠷᠢᠭ ᠲᠤ ᠰᠣᠶᠣᠯ ᠤᠨ ᠬᠠᠮᠲᠤᠷᠠᠭᠰᠠᠨ ᠲᠣᠭᠯᠠᠯᠲᠠ ᠭᠠᠷᠭᠠᠵᠤ ᠠᠷᠠᠳ ᠤᠨ ᠤᠷᠠᠯᠢᠭ ᠢᠶᠠᠷ ᠠᠷᠠᠳ ᠤᠯᠠᠨ ᠢᠶᠠᠨ ᠪᠠᠶᠠᠰᠬᠠᠭᠰᠠᠨ ᠪᠠᠶᠢᠨ᠎ᠠ᠃    ᠬᠠᠮᠳᠣᠷᠠᠬᠰᠠᠨ ᠲᠣᠭᠯᠠᠯᠲᠠ ᠨᠢ ︽ᠭᠤᠷᠪᠠᠨ ᠠᠴᠢᠳᠣ︾ ᠬᠡᠬᠦ ᠬᠠᠮᠳᠣ ᠶᠢᠨ ᠬᠦᠭᠵᠢᠮ ᠳᠤᠮᠳᠠ ᠬᠥᠰᠢᠭᠡ ᠪᠠᠨ ᠰᠡᠬᠦᠵᠦ᠂ ᠬᠠᠮᠳᠣ ᠶᠢᠨ ᠬᠤᠯᠪᠣᠭ᠎ᠠ ︽ᠡᠪ ᠬᠠᠮᠲᠤ ᠨᠠᠮ ᠢᠶᠠᠨ ᠮᠠᠭᠲᠠᠨ ᠳᠠᠭᠤᠯᠠᠶ᠎ᠠ︾᠂ ︽ᠠᠩᠬᠢᠷ ᠡᠵᠢ︾᠂ ᠮᠣᠷᠢᠨ ᠬᠤᠭᠤᠷ ᠤᠨ ᠬᠥᠭᠵᠢᠮ ︽ᠣᠳᠣᠷ ᠤᠨ ᠵᠠᠯᠠᠭᠤᠴᠤᠳ︾᠂ ᠰᠠᠪᠬᠠᠨ ᠪᠥᠵᠢᠭ᠂ ᠬᠠᠮᠲᠤ ᠶᠢᠨ ᠪᠥᠵᠢᠭ ︽ᠴᠠᠭ ᠦᠶ᠎ᠡ ᠶᠢᠨ ᠵᠢᠪᠬᠤᠭ᠎ᠠ︾ ᠪᠣᠯᠤᠨ ︽ᠮᠠᠯᠴᠢᠳ ᠤᠨ ᠪᠠᠶᠠᠰᠣᠯ︾᠂ ᠬᠤᠭᠤᠷ ᠱᠠᠨᠵᠠ ᠶᠢᠨ ᠬᠤᠣᠰᠯᠠᠯ ᠠᠶ᠎ᠠ ᠵᠡᠷᠭᠡ ᠲᠣᠭᠯᠠᠯᠲᠠ ᠪᠠᠷ ᠦᠷᠬᠦᠯᠵᠢᠯᠡᠵᠤ᠂ ᠨᠠᠶᠢᠬᠡᠮ ᠲᠣᠭᠤᠷᠢᠭ ᠤᠨ ᠰᠠᠭᠤᠭᠠᠯᠢ ᠠᠷᠠᠳ ᠲᠤ ᠠᠷᠠᠳ ᠤᠨ ᠤᠷᠠᠯᠢᠭ  ᠤᠨ ᠷᠢᠳᠢ ᠰᠢᠳᠢ ᠶᠢ ᠮᠡᠳᠡᠷᠡᠬᠦᠯᠵᠤ᠂ ᠦᠵᠡᠭᠴᠢᠳ ᠤᠨ ᠬᠠᠯᠠᠭᠤᠨ ᠠᠯᠠᠭ᠎ᠠ ᠳᠠᠰᠢᠯᠲᠠ ᠶᠢ ᠠᠬᠢᠨ ᠳᠠᠬᠢᠨ ᠬᠦᠷᠲᠡᠵᠤ ᠪᠠᠶᠢᠯ᠎ᠠ᠃    ᠲᠣᠰ ᠤᠳᠠᠭᠠᠨ ᠤ ᠰᠣᠶᠣᠯ ᠤᠨ ᠲᠣᠭᠯᠠᠯᠲᠠ ᠨᠢ ᠰᠢᠯᠢᠳᠡᠭ ᠰᠣᠶᠣᠯ ᠢ ᠦᠨᠳᠦᠰᠦᠨ ᠱᠠᠲᠤᠨ ᠳᠤ ᠬᠦᠷᠭᠡᠵᠦ᠂ ᠠᠷᠠᠳ ᠤᠨ ᠤᠷᠠᠯᠢᠭ᠂ ᠠᠰᠤᠷᠤ ᠤᠷᠠᠯᠢᠭ ᠤᠨ ᠷᠢᠳᠢ ᠰᠢᠳᠢ ᠶᠢ ᠠᠬᠤᠢ ᠲᠠᠯᠠᠪᠠᠢ ᠶᠢᠨ ᠲᠤᠭᠯᠠᠯᠲᠠ ᠪᠠᠷ ᠠᠷᠠᠳ ᠤᠯᠠᠨ ᠳᠤ ᠮᠡᠳᠡᠷᠡᠭᠦᠯᠵᠦ᠂ ᠰᠢᠯᠢᠳᠡᠭ ᠰᠤᠶᠤᠯ ᠤᠷᠠᠯᠢᠭ ᠢᠶᠠᠨ ᠤᠯᠠᠮᠵᠢᠯᠠᠨ ᠳᠡᠯᠭᠡᠷᠡᠬᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠬᠦᠭᠵᠢᠭᠡᠭᠰᠡᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号