ᠤᠷᠠᠯᠢᠭ ᠵᠦᠴᠦᠭᠡ ᠶᠢᠨ ᠬᠦᠷᠢᠶᠡᠯᠡᠩ ᠤᠨ ᠬᠢᠨ ᠮᠠᠨ ᠤ ᠬᠤᠰᠢᠭᠤᠨ ᠳᠤ ᠲᠤᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/9/4
    8 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ ᠪᠥᠵᠢᠭ ᠤᠨ ᠪᠦᠯᠬᠦᠮ ᠮᠠᠨ ᠤ ᠬᠤᠰᠢᠭᠤᠨ ᠳᠤ ᠢᠷᠡᠵᠥ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠲᠤᠤᠱᠯᠠᠭᠤᠯᠤᠶ᠎ᠠ︾ ᠭᠡᠬᠦ ᠭᠤᠤᠯ ᠰᠡᠳᠦᠪᠲᠦ ᠦᠨᠳᠦᠰᠦᠨ ᠱᠠᠲᠤᠨ ᠳᠤ ᠭᠦᠨᠵᠡᠭᠡᠶᠢᠷᠡᠬᠦ ᠲᠣᠭᠯᠠᠯᠲᠠ ᠭᠠᠷᠭᠠᠵᠤ᠂ ᠮᠠᠨ ᠤ ᠬᠤᠰᠢᠭᠤᠨ ᠤ ᠣᠯᠠᠨ ᠲᠦᠮᠡᠨ ᠤ ᠬᠠᠷᠠᠭ᠎ᠠ ᠶᠢ ᠮᠢᠯᠢᠶᠠᠵᠤ ᠰᠤᠨᠤᠷ  ᠢ ᠪᠠᠶᠠᠰᠬᠠᠯ᠎ᠠ᠃ ᠲᠤᠰ ᠲᠤᠭᠯᠠᠯᠲᠠ ᠨᠢ ᠮᠦᠨ ᠴᠤ ᠠᠯᠳᠠᠷᠲᠦ ᠳᠠᠭᠤᠴᠢᠨ ᠮᠦᠩᠭᠦᠨᠴᠡᠴᠡᠭ ᠤᠨ ᠤᠷᠠᠯᠢᠭ ᠤᠨ ᠠᠶᠠᠨ  ᠤ 40 ᠵᠢᠯ ᠤᠨ ᠣᠶ ᠶᠢᠨ ᠲᠣᠭᠤᠷᠢᠨ ᠲᠣᠭᠯᠠᠯᠲᠠ ᠶᠢᠨ ᠦᠳᠡᠰᠢᠯᠡᠭᠡ ᠪᠣᠯᠬᠤ ︽ᠡᠵᠢ ᠶᠢᠨ ᠬᠠᠶᠢᠷ᠎ᠠ ᠠᠮᠳᠠᠭᠳᠠᠨ᠎ᠠ︾ ᠭᠡᠬᠦ ᠲᠤᠰᠬᠠᠶ ᠰᠡᠳᠦᠪ ᠤᠨ ᠲᠤᠭᠤᠷᠢᠨ ᠳᠤ ᠶᠠᠪᠤᠭᠳᠠᠵᠠᠢ᠃     ᠲᠣᠭᠤᠷᠢᠨ ᠲᠣᠭᠯᠠᠬᠤ ᠦᠳᠡᠰᠢᠯᠡᠭᠡ ᠨᠢ ᠳᠠᠭᠤᠤ ᠪᠥᠵᠢᠭ ︽ᠥᠯᠵᠡᠢ ᠪᠡᠯᠭᠡ ᠲᠠᠢ ᠨᠠᠭᠠᠳᠤᠮ︾ ᠲᠤᠭᠯᠠᠯᠲᠠ  ᠪᠠᠷ ᠬᠥᠰᠢᠭᠡ ᠪᠠᠨ ᠰᠡᠬᠦᠵᠦ᠂ ︽ᠡᠵᠢ ᠶᠢᠨ ᠬᠠᠶᠢᠷ᠎ᠠ ᠠᠮᠳᠠᠭᠳᠠᠨ᠎ᠠ︾᠂ ︽ᠵᠦᠰᠡᠷ ᠪᠣᠷᠣᠭᠠᠨ︾᠂ ︽ᠮᠢᠨᠦ ᠳᠤᠮᠳᠠᠳᠤ ᠤᠯᠤᠰ︾᠂ ︽ᠮᠢᠨᠦ ᠨᠠᠶᠢᠵᠠ︾᠂ ︽ᠲᠠᠯ᠎ᠠ ᠨᠤᠲᠤᠭ ᠤᠨ ᠰᠥᠨᠢ ᠶᠢᠨ ᠦᠵᠡᠮᠵᠢ︾᠂ ︽ᠡᠬᠡ ᠤᠯᠤᠰ ᠢᠶᠠᠨ ᠳᠠᠭᠤᠯᠠᠶ᠎ᠠ︾ ᠵᠡᠷᠭᠡ ᠰᠣᠩᠭᠤᠳᠠᠭ ᠳᠠᠭᠤᠤ ᠪᠦᠲᠦᠭᠡᠯ ᠢᠶᠠᠷ ᠦᠷᠬᠦᠯᠵᠢᠯᠡᠵᠤ᠂ ᠦᠵᠡᠭᠴᠢᠳ ᠤᠨ ᠬᠠᠯᠠᠭᠤᠨ ᠠᠯᠠᠭ᠎ᠠ ᠳᠠᠰᠢᠯᠲᠠ ᠶᠢ ᠠᠬᠢᠨ ᠳᠠᠬᠢᠨ ᠬᠦᠷᠲᠡᠵᠤ ᠪᠠᠶᠢᠯ᠎ᠠ᠃    ᠲᠣᠭᠯᠠᠯᠲᠠ ᠨᠢ ᠪᠠᠰᠠ ᠴᠣᠯᠮᠤᠨ᠂ ᠲᠣᠯᠢ ᠵᠡᠷᠭᠡ ᠵᠠᠯᠠᠭᠤ ᠤᠷᠠᠯᠢᠭᠴᠢᠳ ᠤᠨ ︽ᠠᠯᠬᠤᠭ᠎ᠠ ᠢᠳᠡᠷᠡᠭᠦᠨ ᠵᠢᠷᠤᠭ᠎ᠠ  ᠮᠣᠷᠢ︾ ᠂ ︽ ᠥᠯᠵᠡᠢ  ᠪᠡᠯᠭᠡ ᠲᠠᠢ︾ ᠭᠡᠬᠦ  ᠣᠷᠲᠤ ᠶᠢᠨ ᠳᠠᠭᠤᠤ᠂ ︽ ᠬᠡᠩᠭᠡᠷᠭᠡ ᠶᠢᠨ ᠦᠭᠡ︾ ᠂ ︽ᠰᠡᠳᠬᠢᠯ ᠤᠨ ᠪᠥᠵᠢᠭ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠦᠵᠡᠭᠴᠢᠳ ᠲᠤ ᠪᠠᠨ ᠳᠡᠪᠰᠢᠬᠦᠯᠵᠠᠢ᠃    ᠲᠣᠰ ᠤᠳᠠᠭᠠᠨ ᠤ ᠲᠣᠭᠯᠠᠯᠲᠠ ᠨᠢ ᠣᠯᠠᠨ ᠲᠦᠮᠡᠨ ᠳᠤ ᠦᠨᠳᠦᠷ ᠳᠦᠪᠰᠢᠨ ᠪᠦᠬᠦᠢ ᠤᠷᠠᠯᠢᠭ ᠤᠨ ᠬᠦᠷᠲᠡᠭᠡᠯ ᠣᠯᠭᠤᠵᠤ᠂ ᠨᠠᠩ ᠴᠤ ᠬᠦᠪᠡᠭᠡᠲᠦ ᠰᠢᠷ᠎ᠠ ᠬᠤᠰᠢᠭᠤᠨ ᠤ ᠦᠵᠡᠭᠴᠢᠳ ᠲᠤ ᠠᠯᠳᠠᠷᠲᠦ ᠳᠠᠭᠤᠴᠢᠨ ᠮᠦᠩᠭᠦᠨᠴᠡᠴᠡᠭ  ᠤᠨ 40 ᠵᠢᠯ ᠤᠨ ᠲᠤᠷᠰᠢᠬᠢ ᠳᠠᠭᠤᠤ ᠬᠥᠭᠵᠢᠮ ᠤᠨ ᠠᠮᠢᠳᠤᠷᠠᠯ ᠢ ᠨᠢ ᠳᠠᠭᠤᠤ ᠪᠦᠲᠦᠭᠡᠯ ᠠᠴᠠ ᠨᠢ ᠡᠷᠬᠢᠴᠡᠬᠦᠯᠬᠦ ᠨᠠᠨᠳᠢᠨ ᠪᠤᠯᠤᠯᠴᠠᠭ᠎ᠠ ᠶᠢ ᠤᠯᠭᠤᠵᠤ᠂ ᠮᠠᠷᠳᠠᠭᠳᠠᠰᠢ ᠦᠭᠡᠢ ᠰᠠᠶᠢᠬᠠᠨ ᠳᠤᠷᠠᠳᠬᠠᠯ ᠢ ᠦᠯᠡᠳᠡᠭᠡᠭᠰᠡᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号