ᠳᠣᠯᠣᠳᠤᠭᠠᠷ ᠣᠳᠠᠭᠠᠨ ᠤ ᠳᠤᠮᠳᠠᠳᠤ ᠤᠯᠤᠰ ᠤᠨ ᠡᠮᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 8 | ᠰᠠᠷ᠎ᠠ ᠶᠢᠨ 18 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠡᠷᠡᠭᠦᠯ ᠬᠠᠮᠠᠭᠠᠯᠠᠯ ᠤᠨ ᠰᠢᠰᠲ᠋ᠧᠮ ᠳᠣᠯᠣᠳᠤᠭᠠᠷ | ᠣᠳᠠᠭᠠᠨ ᠤ ︽ᠳᠤᠮᠳᠠᠳᠤ ᠤᠯᠤᠰ ᠤᠨ ᠡᠮᠴᠢ ᠶᠢᠨ ᠪᠠᠶᠠᠷ︾ ᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠲᠡᠬᠡᠷ᠎ᠡ᠂ ᠰᠢᠯᠢᠳᠡᠭ ᠡᠮᠴᠢᠯᠡᠬᠡᠨ ᠤ ᠠᠵᠢᠯᠲᠠᠳ ᠢ ᠬᠥᠬᠢᠭᠦᠯᠦᠨ ᠱᠠᠩᠨᠠᠪᠠ᠃ ᠱᠠᠩᠨᠠᠯ ᠣᠯᠤᠭᠰᠠᠨ | ᠲᠥᠯᠥᠭᠡᠯᠡᠭᠴᠢᠳ ᠲᠠᠶᠢᠰᠠᠨ ᠳᠤ ᠭᠠᠷᠴᠤ ᠲᠥᠷᠥᠭᠳᠡᠯ ᠢᠶᠠᠨ ᠢᠯᠡᠳᠬᠡᠵᠦ᠂ ᠥᠪᠡᠷ ᠤᠨ ᠡᠮᠴᠢᠯᠡᠭᠡᠨ ᠤ ᠠᠵᠢᠯ ᠤᠨ | ᠳᠤᠮᠳᠠᠬᠢ ᠰᠡᠳᠬᠢᠯ ᠬᠥᠳᠡᠯᠭᠡᠮ᠎ᠡ ᠥᠩᠭᠡᠷᠡᠯᠲᠡ ᠪᠠ ᠥᠯᠢᠭᠡᠷ ᠢᠶᠠᠨ ᠤᠯᠠᠨ ᠲᠠᠢ ᠬᠤᠪᠢᠶᠠᠯᠴᠠᠬᠰᠠᠨ ᠪᠠᠶᠢᠨ᠎ᠠ᠃ | ᠳᠠᠷᠠᠭ᠎ᠠ ᠨᠢ ᠡᠷᠡᠬᠦᠯ ᠬᠠᠮᠠᠭᠠᠯᠠᠯ ᠤᠨ ᠰᠢᠰᠲ᠋ᠧᠮ ᠤᠨ ᠠᠵᠢᠯᠲᠠᠳ ᠤᠨ ᠲᠠᠮᠢᠷ ᠤᠨ ᠣᠷᠣᠯᠳᠣᠭᠠᠨ | ᠶᠠᠪᠣᠬᠳᠠᠭᠤᠯᠵᠣ᠂ ᠡᠷᠡᠭᠲᠡᠶ ᠪᠠ ᠡᠮᠡᠭᠲᠡᠶ ᠶᠢᠨ 100 ᠮᠧᠲᠷ᠂ ᠡᠷᠡᠭᠲᠡᠶ᠂ ᠡᠮᠡᠭᠲᠡᠶ ᠶᠢᠨ ᠬᠦᠴᠣᠨ ᠵᠠᠯᠭᠠᠬᠤ | ᠤᠷᠤᠯᠳᠤᠭᠠᠨ᠂ ᠡᠷᠡᠭᠲᠡᠶ ᠡᠮᠡᠭᠲᠡᠶ ᠶᠢᠨ ᠬᠦᠴᠣᠨ ᠵᠠᠯᠭᠠᠬᠤ ᠤᠷᠤᠯᠳᠤᠭᠠᠨ᠂ ᠬᠠᠮᠲᠤ ᠪᠠᠷ ᠳᠡᠭᠡᠰᠦ ᠦᠰᠦᠷᠬᠦ᠂ | ᠫᠢᠩᠫᠠᠩ ᠪᠥᠮᠪᠦᠭᠡ ᠲᠠᠮᠵᠢᠭᠤᠯᠬᠤ᠂ ᠣᠯᠠᠨ ᠬᠥᠮᠦᠨ ᠪᠥᠮᠪᠦᠭᠡ ᠬᠠᠪᠴᠢᠭᠤᠯᠵᠤ ᠬᠦᠶᠦᠬᠦ ᠵᠡᠷᠭᠡ ᠤᠷᠤᠯᠳᠤᠭᠠᠨ ᠢ | ᠲᠣᠬᠢᠷᠠᠭᠤᠯᠵᠣ᠂ ᠲᠠᠮᠢᠷᠴᠢᠳ ᠪᠦᠬᠦ ᠰᠡᠳᠬᠢᠯ ᠪᠦᠬᠦ ᠵᠣᠷᠢᠭ ᠢᠶᠠᠷ ᠢᠶᠠᠨ᠂ ᠬᠦᠴᠣ ᠪᠠᠨ ᠬᠠᠮᠳᠣᠳᠬᠠᠨ | ᠤᠷᠤᠯᠳᠤᠭᠠᠨ ᠳᠤ ᠣᠷᠣᠯᠴᠠᠵᠣ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ | ᠦᠷᠢᠰᠦᠯᠳᠦᠭᠡᠨ ᠰᠢᠷᠦᠬᠦᠨ ᠪᠠᠶᠢᠯ᠎ᠠ᠃ | ᠲᠣᠰ ᠤᠳᠠᠭᠠᠨ ᠤ ᠠᠵᠢᠯᠯᠠᠭ᠎ᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠵᠢᠯᠲᠠᠨ | ᠠᠵᠢᠯᠴᠢᠨ᠂ ᠢᠯᠠᠩᠭᠤᠶ᠎ᠠ ᠥᠷᠭᠡᠨ ᠣᠯᠠᠨ ᠡᠮᠴᠢ ᠳᠤ ᠬᠠᠮᠲᠦ ᠶᠢᠨ ᠬᠠᠮᠵᠢᠯᠴᠠᠭ᠎ᠠ ᠪᠠ ᠬᠤᠪᠢ ᠬᠥᠮᠦᠨ ᠤ ᠴᠤᠭ | ᠵᠢᠪᠬᠤᠭ᠎ᠠ ᠶᠢ ᠢᠯᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠲᠦᠷ ᠴᠠᠭ ᠴᠤ ᠭᠡᠰᠡᠨ ᠪᠠᠴᠢᠮ | ᠶᠠᠭᠠᠷᠠᠯᠲᠠᠢ ᠡᠮᠴᠢᠯᠡᠭᠡᠨ ᠤ ᠠᠵᠢᠯᠲᠠᠳ ᠤᠨ ᠠᠵᠢᠯ ᠤᠨ ᠶᠠᠳᠠᠷᠠᠭ᠎ᠠ ᠴᠢᠯᠡᠭᠡ ᠶᠢ ᠲᠠᠶᠢᠯᠵᠤ ᠴᠢᠳᠠᠭᠰᠠᠨ ᠪᠠᠶᠢᠨ᠎ᠠ᠃ |