ᠭᠤᠤᠯᠳᠠᠯᠭᠠᠲᠦ ᠲᠥᠷᠥᠯ ᠵᠦᠢᠯ ᠪᠣᠯ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢᠨ ᠰᠠᠭᠤᠷᠢ᠂ | ᠮᠦᠨ ᠴᠤ ᠬᠦᠳᠡᠯᠭᠡᠭᠴᠢ ᠬᠦᠴᠦᠨ ᠪᠣᠯᠤᠨ᠎ᠠ᠃ ᠣᠶᠢᠷ᠎ᠠ ᠶᠢᠨ ᠵᠢᠯ᠂ ᠬᠥᠪᠡᠭᠡᠲᠦ ᠰᠢᠷ᠎ᠠ ᠬᠤᠰᠢᠭᠤ ᠯᠢᠲ᠋ᠢ ᠶᠢᠨ ᠡᠬᠢ | ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠨᠢᠦᠪᠢ ᠲᠠᠨᠲ᠋ᠢ ᠲᠣᠰᠣ ᠮᠠᠯᠲᠠᠬᠤ᠂ ᠯᠢᠲ᠋ᠢ ᠶᠢᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ᠂ ᠴᠠᠬᠢᠯᠭᠠᠨ ᠭᠤᠣᠯ᠂ ᠳ᠋ᠢᠶᠠᠨ ᡂᠢ ᠶᠢᠨ ᠰᠢᠰᠲ᠋ᠧᠮ᠂ ᠡᠨᠧᠷᠭᠢ ᠬᠠᠳᠠᠭᠠᠯᠠᠬᠤ ᠰᠢᠰᠲ᠋ᠧᠮ | ᠂ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ | ᠬᠡᠯᠬᠢᠶᠡᠵᠢᠯ ᠢ ᠪᠠᠶᠢᠭᠤᠯᠣᠬᠰᠠᠨ ᠪᠠᠶᠢᠨ᠎ᠠ᠃ | ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠶ ᠳᠤ ᠮᠠᠰᠢᠨ ᠮᠧᠬᠠᠨᠢᠭ | ᠬᠦᠷᠴᠢᠬᠢᠨᠠᠨ ᠠᠵᠢᠯᠠᠯᠵᠤ᠂ ᠲᠡᠷᠭᠡ ᠤᠨᠤᠭ᠎ᠠ ᠰᠦᠯᠵᠢᠯᠳᠦᠨ᠂ ᠠᠵᠢᠯᠲᠠᠨ ᠠᠵᠢᠯᠴᠢᠳ ᠤᠨᠠᠭᠰᠠᠨ ᠮᠠᠯᠠᠭᠠᠢ ᠠᠪᠬᠤ | ᠵᠠᠪ ᠦᠭᠡᠢ ᠶᠠᠭᠠᠷᠠᠯᠳᠤᠵᠤ ᠪᠠᠶᠢᠯ᠎ᠠ᠃ | ᠣᠶᠢᠷ᠎ᠡ ᠶᠢᠨ ᠵᠢᠯ ᠳᠤ᠂ ᠬᠥᠪᠡᠭᠡᠲᠦ ᠰᠢᠷ᠎ᠠ ᠬᠤᠰᠢᠭᠤ ᠠᠷᠠᠯᠵᠢᠶᠠᠴᠢᠨ ᠤᠷᠢᠵᠤ ᠪᠡᠯᠡ ᠳᠠᠳᠠᠬᠤ ᠪᠠᠷ ᠳᠠᠮᠵᠢᠨ | ᠵᠢᠶᠠᠩᠰᠢ ᠶᠢᠨ ᠭᠠᠨ ᠹᠧᠩ ᠯᠢᠲ᠋ᠢ ᠶᠢᠨ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠠᠵᠤ ᠦᠢᠯᠡᠰ ᠤᠨ ᠬᠡᠯᠬᠢᠶᠡᠵᠢᠯ ᠤᠨ ᠪᠦᠬᠦ | ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠶᠡᠷᠦᠩᠬᠡᠶ ᠪᠠᠯᠠ | ᠣᠷᠣᠭᠤᠯᠤᠯᠲᠠ ᠨᠢ 100 ᠳ᠋ᠦᠩᠰᠢᠭᠤᠷ ᠲᠥᠭᠦᠷᠢᠭ ᠢ ᠳᠠᠪᠠᠵᠤ᠂ ᠬᠥᠪᠡᠭᠡᠲᠦ ᠰᠢᠷ᠎ᠠ ᠬᠤᠰᠢᠭᠤᠨ ᠤ ᠠᠵᠤ | ᠠᠬᠤᠶ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠠᠮᠠᠷᠢᠯᠡᠭᠰᠠᠨ ᠪᠠᠶᠢᠨ᠎ᠠ᠃ ︽ᠥᠪᠥᠷ | ᠮᠣᠩᠭᠤᠯ ᠤᠨ ᠭᠠᠨ ᠹᠧᠩ ᠯᠢᠲ᠋ᠢ ᠦᠢᠯᠡᠰ ᠤᠨ ᠰᠢᠨ᠎ᠡ ᠮᠠᠲ᠋ᠧᠷᠢᠶᠠᠯ ᠤᠨ ᠹᠣᠰᠹᠣᠷ ᠬᠦᠴᠢᠯ ᠤᠨ ᠲᠡᠮᠦᠷ ᠯᠢᠲ᠋ᠢ ᠶᠢᠨ | ᠲᠥᠷᠥᠯ ᠵᠦᠢᠯ ᠪᠣᠯ 5 ᠳ᠋ᠤᠭᠠᠷ ᠰᠠᠷ᠎ᠠ ᠳᠤ ᠠᠵᠢᠯ ᠡᠬᠢᠯᠡᠵᠣ᠂ 2025 ᠣᠨ ᠤ 7 ᠳ᠋ᠤᠭᠠᠷ ᠰᠠᠷ᠎ᠠ ᠶᠢᠨ | ᠰᠡᠭᠦᠯᠴᠢ ᠪᠠᠷ ᠪᠦᠬᠦ᠋ᠢᠯᠡ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠪᠡᠶᠡᠯᠡᠭᠦᠯᠬᠦ ᠪᠠᠷ ᠲᠥᠯᠥᠪᠯᠡᠵᠦ᠂ 2025 | ᠣᠨ ᠤ 8 ᠳ᠋ᠤᠭᠠᠷ ᠰᠠᠷ᠎ᠠ ᠠᠴᠠ ᠡᠬᠢᠯᠡᠨ ᠲᠥᠬᠦᠭᠡᠷᠦᠮᠵᠢ ᠤᠭᠰᠠᠷᠠᠬᠤ ᠠᠵᠢᠯ ᠢᠶᠠᠨ ᠡᠬᠢᠯᠡᠭᠦᠯᠵᠦ᠂ 10 ᠳ᠋ᠤᠭᠠᠷ | ᠰᠠᠷ᠎ᠠ ᠶᠢᠨ ᠬᠢᠨᠢ ᠰᠡᠭᠦᠯᠴᠢ 11 ᠳ᠋ᠦ᠋ᠭᠡᠷ ᠰᠠᠷ᠎ᠠ ᠠᠴᠠ ᠡᠬᠢᠯᠡᠨ ᠳᠠᠩ ᠮᠠᠰᠢᠨ ᠢᠶᠠᠷ ᠲᠣᠬᠢᠷᠠᠭᠤᠯᠤᠨ ᠲᠤᠷᠰᠢᠬᠤ ᠪᠠᠷ | ᠲᠥᠯᠥᠪᠯᠡᠵᠦ᠂ 12 ᠳ᠋ᠤᠭᠠᠷ ᠰᠠᠷ᠎ᠠ ᠠᠴᠠ ᠡᠬᠢᠯᠡᠵᠦ ᠦᠢᠯᠡᠳᠪᠦᠷᠢᠯᠡᠯ ᠤᠨ ᠠᠵᠢᠯ ᠢ ᠲᠤᠷᠰᠢᠨ ᠬᠢᠬᠦ ᠪᠠᠷ ᠪᠣᠢ︾ | ᠭᠡᠵᠤ ᠲᠤᠰ ᠺᠣᠮᠫᠠᠨᠢ ᠶᠢᠨ ᠬᠥᠪᠡᠭᠡᠲᠦ ᠰᠢᠷ᠎ᠠ ᠬᠤᠰᠢᠭᠤᠨ ᠤ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠲᠥᠷᠥᠯ | ᠵᠦᠢᠯ ᠤᠨ ᠬᠠᠷᠢᠭᠤᠴᠠᠯᠭᠠᠲᠠᠨ ᠵᠧᠤ ᠴᠢᠩ ᠶᠠᠷᠢᠯ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠭᠠᠨ ᠹᠧᠩ ᠯᠢᠲ᠋ᠢ ᠶᠢᠨ ᠦᠢᠯᠡᠰ ᠤᠨ ᠬᠢᠵᠠᠭᠠᠷᠲᠤ ᠺᠣᠮᠫᠠᠨᠢ ᠨᠢ | ᠲᠥᠷᠥᠯ ᠵᠦᠢᠯ ᠢᠶᠠᠨ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠳᠤ 6. | 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠦᠢᠯᠡᠳᠪᠦᠷᠢᠯᠡᠵᠤ ᠡᠬᠢᠯᠡᠭᠰᠡᠨ ᠤ | ᠳᠠᠷᠠᠭ᠎ᠠ᠂ ᠵᠢᠯ ᠤᠨ ᠣᠶᠢᠯᠡᠳᠬᠦᠨ ᠤ ᠥᠷᠲᠡᠭ ᠨᠢ ᠪᠠᠷᠤᠭ 18 ᠳ᠋ᠦᠩᠰᠢᠭᠤᠷ ᠲᠥᠭᠦᠷᠢᠭ ᠲᠤ ᠬᠦᠷᠴᠦ᠂ 1.8 | ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ 260 ᠭᠠᠷᠤᠶ ᠬᠥᠮᠦᠨ ᠳᠤ ᠠᠵᠢᠯ ᠣᠯᠭᠤᠬᠤ ᠪᠤᠯᠤᠨ᠎ᠠ᠃ | ᠬᠤᠶᠠᠳᠤᠭᠠᠷ ᠬᠤᠭᠤᠴᠠᠭᠠᠨ ᠳᠤ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ | ᠵᠢᠱᠢᠯᠲᠡ ᠪᠠᠷ 2025 ᠣᠨ ᠤ ᠰᠡᠭᠦᠯᠴᠢ ᠠᠴᠠ ᠡᠮᠦᠨ᠎ᠡ ᠠᠰᠢᠭᠯᠠᠯᠲᠠ ᠳᠤ ᠣᠷᠣᠭᠤᠯᠵᠤ᠂ ᠵᠢᠯ ᠤᠨ | ᠦᠢᠯᠡᠳᠪᠦᠷᠢᠯᠡᠯ ᠤᠨ ᠥᠷᠲᠡᠭ ᠨᠢ ᠪᠠᠷᠤᠭ 32 ᠳ᠋ᠦᠩᠰᠢᠭᠤᠷ ᠲᠥᠭᠦᠷᠢᠭ ᠲᠤ ᠬᠦᠷᠴᠦ᠂ 1.5 - 2.5 | ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ 250 ᠭᠠᠷᠤᠶ ᠬᠥᠮᠦᠨ ᠳᠤ ᠠᠵᠢᠯ ᠤᠯᠭᠤᠬᠤ ᠪᠤᠯᠤᠨ᠎ᠠ᠃ | ᠬᠥᠪᠡᠭᠡᠲᠦ ᠰᠢᠷ᠎ᠠ ᠬᠤᠰᠢᠭᠤ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠮᠥᠷᠳᠡᠨ ᠦᠢᠯᠡᠴᠢᠯᠡᠬᠦ ᠦᠷ᠎ᠡ ᠪᠦᠲᠦᠮᠵᠢ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠢᠳᠡᠪᠬᠢᠲᠡᠢ | ᠰᠢᠨᠡᠴᠢᠯᠡᠵᠦ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ | ᠰᠢᠯᠢᠳᠡᠭ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃ |