ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠣᠯ ᠭᠤᠶᠠᠴᠢ ᠦᠭᠡᠢ ᠡᠷᠬᠢᠮ ᠳᠡᠭᠡᠳᠦ ᠵᠤᠷᠢᠭ | ᠰᠠᠨᠠᠭᠠᠨ ᠤ ᠢᠯᠡᠷᠡᠯ᠂ ᠭᠠᠴᠢᠭᠳᠠᠭᠰᠠᠨ ᠨᠢᠭᠡᠨ ᠢᠶᠠᠨ ᠳᠤᠰᠠᠯᠠᠬᠤ ᠨᠢᠩᠵᠢᠨ ᠰᠡᠳᠬᠢᠯ ᠤᠨ ᠦᠭᠬᠦᠭᠡᠵᠢ᠂ ᠮᠦᠨ ᠴᠤ | ᠡᠶ᠎ᠡ ᠵᠣᠬᠢᠴᠠᠯ ᠲᠠᠢ ᠨᠡᠶᠢᠭᠡᠮ ᠤᠨ ᠴᠢᠬᠤᠯᠠ ᠬᠡᠷᠡᠭᠴᠡᠭᠡ ᠪᠤᠯᠤᠨ᠎ᠠ᠃ 8 ᠰᠠᠷ᠎ᠠ ᠶᠢᠨ 22 ᠤ ᠡᠳᠦᠷ᠂ ᠮᠠᠨ ᠤ | ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠤᠨ ᠰᠢᠯᠢ ᠶᠢᠨ ᠭᠤᠤᠯ ᠠᠶᠢᠮᠠᠭ ᠤᠨ ᠭᠤᠤᠯᠳᠠᠯᠭᠠᠳᠦ | ᠴᠢᠰᠤᠨ ᠤ ᠥᠷᠲᠡᠭᠡ ᠠᠴᠠ ᠬᠠᠮᠲᠤᠷᠠᠨ ᠥᠷᠨᠢᠭᠦᠯᠦᠭᠰᠡᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠪᠠ | ᠴᠢᠰᠤ ᠪᠦᠲᠦᠭᠡᠬᠦ ᠭᠤᠤᠯ ᠡᠰ ᠤᠨ ᠴᠢᠰᠤᠨ ᠤ ᠥᠯᠢᠭᠡᠷ ᠢ ᠴᠤᠭᠯᠠᠭᠤᠯᠬᠤ ᠠᠵᠢᠯᠯᠠᠭ᠎ᠠ ᠬᠤᠰᠢᠭᠤᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠬᠦᠮᠦᠡᠯᠢᠭ ᠦᠵᠡᠯ ᠤᠨ ᠰᠣᠶᠣᠯ ᠢ ᠤᠯᠠᠮᠵᠢᠯᠠᠬᠤ ᠰᠠᠭᠤᠷᠢᠨ ᠭᠠᠵᠠᠷ ᠲᠤ | ᠶᠠᠪᠤᠭᠳᠠᠵᠠᠢ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠴᠢᠰᠤ ᠬᠠᠨᠳᠢᠪᠯᠠᠬᠤ ᠲᠣᠭᠲᠠᠭᠠᠯ ᠶᠤᠰᠤᠭᠠᠷ | ᠠᠵᠢᠯᠯᠠᠵᠤ᠂ ᠡᠮᠴᠢ ᠰᠤᠪᠢᠯᠠᠭᠴᠢᠳ ᠠᠴᠠ ᠴᠢᠰᠤ ᠬᠠᠨᠳᠢᠪᠯᠠᠬᠤ ᠬᠠᠮᠢᠶ᠎ᠠ ᠪᠥᠬᠦᠶ ᠮᠡᠳᠡᠯᠭᠡ ᠵᠢᠴᠢ ᠠᠩᠬᠠᠷᠬᠤ | ᠵᠦᠢᠯᠡᠰ ᠢ ᠤᠬᠠᠭᠤᠯᠵᠤ᠂ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠬᠦᠰᠦᠨᠦᠭ ᠲᠠᠭᠯᠠᠬᠤ᠂ ᠴᠢᠰᠤᠨ ᠳᠠᠷᠤᠯᠲᠠ | ᠬᠡᠮᠵᠢᠬᠦ᠂ ᠴᠢᠰᠤᠨ ᠤ ᠦᠯᠢᠭᠡᠷ ᠬᠡᠮᠵᠢᠬᠦ ᠵᠡᠷᠭᠡ ᠴᠢᠰᠤ ᠬᠠᠨᠳᠢᠪᠯᠠᠬᠤ ᠪᠡᠯᠡᠳᠬᠡᠯ ᠠᠵᠢᠯ ᠢ ᠶᠠᠪᠤᠭᠳᠠᠭᠤᠯᠵᠤ᠂ ᠬᠠᠮᠢᠶ᠎ᠠ | ᠪᠦᠬᠦᠢ ᠪᠠᠶᠢᠴᠠᠭᠠᠯᠳᠠ ᠳᠤ ᠬᠢᠷᠢ ᠲᠡᠩᠴᠡᠭᠰᠡᠳ ᠡᠮᠬᠢ ᠳᠠᠷᠠᠭ᠎ᠠ ᠲᠠᠢ ᠪᠠᠷ ᠴᠢᠰᠤ ᠬᠠᠨᠳᠢᠪᠯᠠᠵᠠᠢ᠃ | ᠴᠢᠰᠦ ᠬᠠᠨᠳᠢᠪᠯᠠᠬᠤ ᠠᠵᠢᠯᠯᠠᠭ᠎ᠠ ᠳᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠠᠵᠢᠯᠲᠠᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠢᠳᠡᠪᠬᠢᠯᠡᠨ ᠤᠷᠤᠯᠴᠠᠵᠤ᠂ ᠨᠡᠶᠢᠲᠡ 63 | ᠰᠠᠶᠢᠨ ᠲᠤᠷ᠎ᠠ ᠠᠴᠠ ᠪᠠᠨ ᠴᠢᠰᠦ ᠬᠠᠨᠳᠢᠪᠯᠠᠭᠴᠢᠳ ᠠᠴᠠ 20100 ᠮᠢᠯᠢᠯᠢᠲᠷ ᠴᠢᠰᠤ ᠶᠢ ᠠᠮᠵᠢᠯᠲᠠᠲᠠᠶ | ᠬᠠᠨᠳᠢᠪᠯᠠᠵᠤ᠂ ᠴᠢᠰᠤ ᠪᠦᠲᠦᠭᠡᠬᠦ ᠭᠤᠤᠯ ᠡᠰ ᠤᠨ ᠵᠠᠭᠪᠤᠷ ᠴᠤᠭᠯᠠᠭᠤᠯᠬᠤ ᠠᠵᠢᠯᠯᠠᠭ᠎ᠠ ᠳᠤ 14 ᠬᠦᠮᠦᠨ ᠨᠡᠷ᠎ᠡ | ᠮᠡᠳᠡᠭᠦᠯᠵᠡᠢ᠃ |