ᠴᠠᠭᠠᠨ ᠢᠳᠡᠬᠡᠨ ᠤ ᠠᠵᠣ ᠦᠢᠯᠡᠰ ᠢᠶᠠᠷ ᠮᠠᠯᠴᠢᠳ ᠤᠨ ᠣᠷᠣᠯᠭ᠎ᠠ ᠶᠢ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2024/9/4
    ᠬᠥᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠤᠮᠤ ᠨᠢ ᠥᠪᠡᠷᠲᠡᠭᠡᠨ ᠵᠠᠰᠠᠬᠤ ᠣᠷᠣᠨ ᠤ  ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠠᠵᠠ ᠳᠤᠬᠢᠶᠠᠯ ᠢ ᠠᠳᠬᠤᠨ᠂ ᠰᠤᠮᠤᠨ ᠤ  ᠪᠠᠨ ᠪᠣᠳᠠᠲᠠᠶ ᠲᠠᠢ ᠤᠶᠠᠯᠳᠤᠭᠤᠯᠤᠨ᠂ ᠮᠠᠯᠴᠢᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠵᠢᠵᠢᠭ ᠪᠥᠭᠡᠳ ᠨᠠᠷᠢᠯᠢᠭ᠂ ᠵᠢᠵᠢᠭ ᠮᠥᠷᠲᠡᠭᠡᠨ ᠰᠢᠯᠢᠳᠡᠭ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠡᠷ ᠢ ᠪᠠᠶᠢᠭᠤᠯᠤᠨ᠂ ᠦᠢᠯᠡᠳᠪᠦᠷᠢᠯᠡᠵᠦ ᠪᠣᠷᠣᠯᠠᠭᠤᠯᠬᠤ ᠶᠢ ᠨᠢᠭᠡ ᠴᠤᠭᠴᠠᠵᠢᠭᠤᠯᠬᠤ ᠵᠠᠭᠪᠤᠷ ᠢᠶᠠᠷ ᠮᠠᠯᠴᠢᠳ ᠤᠨ ᠣᠷᠣᠯᠭ᠎ᠠ ᠶᠢ ᠨᠡᠮᠡᠭᠳᠡᠬᠦᠯᠵᠣ ᠪᠣᠢ᠃    ᠬᠦᠪᠡᠬᠡᠳᠣ ᠰᠢᠷ᠎ᠡ ᠬᠤᠰᠢᠭᠤᠨ ᠤ ᠤᠩᠭᠤᠨ ᠠᠭᠤᠯᠠ ᠰᠣᠮᠣᠨ ᠤ ᠳᠠᠪᠤᠰᠤᠨ ᠭᠤᠤᠯ ᠭᠠᠴᠠᠭᠠᠨ ᠤ ᠮᠠᠯᠴᠢᠨ ᠠᠯᠳᠠᠨᠰᠠᠩ ᠶᠢᠨ ᠴᠠᠭᠠᠨ ᠢᠳᠡᠭᠡᠨ ᠤ ᠦᠢᠯᠡᠳᠬᠡᠯ ᠤᠨ ᠲᠠᠰᠤᠭ ᠲᠤ᠂ ᠲᠠᠷᠠᠭ ᠠᠶᠢᠷᠠᠭ ᠤᠨ  ᠦᠨᠦᠷ ᠬᠠᠩᠬᠤᠯᠣᠨ᠂ ᠰᠠᠪᠠ ᠰᠠᠭᠤᠯᠭ᠎ᠠ ᠵᠢᠭᠳᠡᠷᠡᠨ᠂ ᠴᠠᠭᠠᠨ ᠢᠳᠡᠭᠡᠨ ᠴᠠᠶᠢᠯᠵᠠᠨ ᠦᠷᠦᠭᠳᠡᠵᠤ᠂ ᠠᠯᠳᠠᠨᠰᠠᠩ ᠬᠡᠷᠬᠡᠢ ᠲᠣᠷᠣᠨ᠎ᠠ ᠲᠠᠢ ᠪᠠᠨ ᠤᠨᠠᠭᠰᠠᠨ ᠮᠠᠯᠠᠭᠠᠢ ᠠᠪᠬᠤ ᠵᠠᠪ ᠦᠭᠡᠢ ᠶᠠᠭᠠᠷᠠᠯᠳᠣᠨ᠎ᠠ᠃   ᠠᠯᠳᠠᠨᠰᠡᠩ ᠲᠣᠷᠣᠨ᠎ᠠ ᠬᠤᠶᠠᠭᠤᠯᠠ 2004 ᠣᠨ ᠠᠴᠠ ᠡᠬᠢᠯᠡᠵᠤ ᠰᠠᠭᠠᠯᠢ ᠶᠢᠨ ᠦᠨᠢᠶ᠎ᠠ ᠮᠠᠯᠵᠢᠨ᠂ ᠴᠠᠭᠠᠨ ᠢᠳᠡᠭᠡ ᠬᠢᠵᠤ ᠪᠣᠷᠣᠯᠠᠭᠤᠯᠵᠣ ᠪᠠᠶᠢᠬᠰᠠᠨ ᠠᠴᠠ ᠪᠠᠨ 2022 ᠣᠨ ᠳᠤ ᠬᠦᠲᠡᠭᠡ ᠲᠣᠰᠬᠤᠨ ᠢ ᠬᠦᠭᠵᠢᠭᠦᠯᠦᠨ ᠮᠠᠨᠲᠣᠭᠤᠯᠬᠤ ᠲᠦᠷᠦ ᠶᠢᠨ ᠪᠣᠲᠣᠯᠭ᠎ᠠ ᠶᠢᠨ ᠬᠠᠷᠠᠭᠠᠯᠵᠠᠯ ᠢᠶᠠᠷ ᠳᠣᠮᠳᠠ ᠪᠠᠭ᠎ᠠ ᠬᠡᠯᠪᠡᠷᠢ ᠶᠢᠨ ᠲᠠᠵᠢᠭᠡᠨ ᠦᠷᠡᠵᠢᠭᠦᠯᠬᠦ ᠲᠠᠯᠠᠪᠡᠢ ᠶᠢ ᠲᠠᠰ ᠲᠡᠪᠰᠢᠭᠦᠯᠦᠨ ᠦᠭᠡᠷᠡᠴᠢᠯᠡᠬᠦ ᠲᠦᠷᠦᠯ ᠵᠦᠢᠯ᠂ ᠣᠷᠣᠨ ᠨᠣᠲᠤᠭ ᠤᠨ ᠣᠨᠴᠠᠯᠢᠭᠲᠣ ᠴᠠᠭᠠᠨ ᠢᠳᠡᠭᠡ ᠶᠢ ᠪᠣᠯᠪᠠᠰᠣᠷᠠᠭᠤᠯᠬᠤ ᠲᠠᠰᠤᠭ ᠢ ᠲᠡᠰ ᠲᠡᠪᠰᠢᠭᠦᠯᠦᠨ ᠦᠭᠡᠷᠡᠴᠢᠯᠡᠬᠦ ᠲᠦᠷᠦᠯ ᠵᠦᠢᠯ ᠵᠢᠴᠢ ᠮᠠᠰᠢᠨ ᠲᠣᠨᠤᠭ ᠤᠨ ᠲᠦᠷᠦᠯ ᠵᠦᠢᠯ ᠤᠨ ᠲᠡᠮᠵᠢᠯᠭᠡ ᠳᠣᠣᠷ᠎ᠠ᠂ 400 ᠲᠡᠭᠰᠢ ᠲᠦᠷᠪᠡᠯᠵᠢᠨ ᠮᠧᠲᠷ ᠤᠨ ᠰᠠᠭᠠᠯᠢ ᠶᠢᠨ ᠦᠨᠢᠶᠡᠨ ᠤ ᠬᠠᠰᠢᠶ᠎ᠡ᠂ 80 ᠲᠡᠭᠰᠢ ᠲᠦᠷᠪᠡᠯᠵᠢᠨ ᠮᠧᠲᠷ ᠤᠨ ᠴᠠᠭᠠᠨ ᠢᠲᠡᠭᠡ ᠡᠳ᠋ᠰᠢᠭᠦᠯᠦᠨ ᠪᠣᠯᠪᠠᠰᠣᠷᠠᠭᠤᠯᠬᠤ ᠲᠠᠰᠤᠭ᠂ ᠨᠣᠭᠤᠭᠠᠨ ᠳᠠᠷᠣᠰᠢ ᠨᠦᠭᠡᠴᠡᠯᠡᠬᠦ ᠵᠣᠭᠤᠷᠢ ᠶᠢ ᠰᠢᠨ᠎ᠡ ᠪᠠᠷ ᠪᠠᠶᠢᠭᠤᠯᠵᠣ᠂ ᠦᠪᠡᠷ ᠢᠶᠠᠨ 8 ᠲᠦᠮᠡᠨ ᠲᠦᠬᠦᠷᠢᠭ ᠵᠠᠷᠤᠴᠠᠭᠤᠯᠤᠨ᠂ ᠡᠯ᠎ᠡ ᠲᠦᠷᠦᠯ ᠵᠦᠢᠯ ᠤᠨ ᠨᠦᠬᠦᠪᠦᠷᠢ ᠮᠦᠩᠭᠦ 40 ᠭᠠᠷᠣᠢ ᠲᠦᠮᠡᠡ ᠲᠦᠭᠦᠷᠢᠭ ᠤᠨ ᠬᠠᠷᠠᠭᠠᠯᠵᠠᠯ ᠬᠦᠷᠳᠡᠵᠣ᠂ ᠴᠠᠭᠠᠨ ᠢᠳᠡᠬᠡᠨ ᠤ ᠵᠢᠵᠢᠭ ᠦᠢᠯᠡᠳᠬᠡᠯ ᠤᠨ ᠭᠠᠵᠡᠷ ᠢᠶᠠᠨ ᠳᠠᠩᠰᠠᠯᠠᠭᠤᠯᠤᠨ ᠪᠠᠶᠢᠭᠤᠯᠵᠣ ᠂ ᠣᠳᠣ ᠪᠣᠯᠬᠤ ᠳᠤ ᠠᠷᠪᠠᠭᠠᠳ ᠰᠠᠭᠠᠯᠢ ᠶᠢᠨ ᠦᠨᠢᠶ᠎ᠠ ᠰᠠᠭᠠᠵᠣ᠂ ᠴᠠᠭᠠᠨ ᠢᠳᠡᠭᠡᠨ ᠤ ᠵᠢᠯ ᠤᠨ ᠣᠷᠣᠯᠭ᠎ᠠ ᠠᠷᠪᠠᠭᠠᠳ ᠲᠦᠮᠡᠨ ᠲᠦᠬᠦᠷᠢᠭ ᠲᠤ ᠬᠦᠷᠴᠦ ᠪᠣᠢ᠃ ︽ᠠᠩᠬ᠎ᠠ ᠡᠬᠢᠯᠡᠵᠣ ᠠᠯᠠᠭ ᠦᠨᠢᠶ᠎ᠠ ᠮᠠᠯᠵᠢᠬᠰᠠᠨ᠂ ᠲᠡᠷᠡ ᠦᠶ᠎ᠠ ᠳᠤ ᠮᠠᠨᠠᠶᠢᠬᠢᠨ ᠳᠤ ᠭᠠᠩ ᠲᠠᠢ ᠪᠠᠶᠢᠬᠰᠠᠨ ᠦᠪᠡᠷ ᠤᠨ ᠨᠣᠳᠤᠭ ᠤᠨ ᠦᠬᠡᠷ ᠢᠶᠠᠨ ᠪᠦᠬᠦᠳᠠ ᠶᠢ ᠬᠤᠳᠠᠯᠳᠣᠭᠠᠳ᠂ ᠬᠤᠶᠡᠷ ᠠᠯᠠᠭ ᠦᠨᠢᠶ᠎ᠠ ᠠᠪᠣᠬᠰᠠᠨ︔ ᠡᠬᠢᠯᠡᠬᠡᠳ ᠴᠠᠭᠠᠨ ᠢᠳᠡᠭᠡ ᠬᠢᠵᠣ ᠬᠤᠳᠠᠯᠳᠣᠬᠤ ᠦᠶ᠎ᠡ  ᠳᠤ ᠦᠪᠡᠷ ᠢᠶᠠᠨ ᠴᠠᠭᠠᠨ ᠢᠳᠡᠭᠡ ᠪᠠᠨ ᠠᠪᠴᠣ ᠶᠠᠪᠣᠭᠠᠳ ᠪᠣᠷᠣᠯᠠᠭᠤᠯᠵᠣ ᠪᠠᠶᠢᠬᠰᠠᠨ︔ ᠣᠶᠢᠷ᠎ᠡ ᠶᠢᠨ ᠵᠢᠯ ᠬᠦᠮᠣᠰ ᠦᠪᠡᠷ ᠢᠶᠠᠨ ᠢᠷᠡᠬᠡᠳ ᠠᠪᠴᠣ᠂ ᠨᠢᠬᠡ ᠪᠦᠯᠣᠭ᠌ ᠢ ᠨᠢ ᠵᠠᠬᠢᠶᠠᠯᠠᠭ᠎ᠠ ᠪᠠᠷ ᠠᠪᠳᠠᠭ ᠪᠤᠯᠤᠭᠰᠠᠨ︾ ᠮᠠᠯᠴᠢᠨ ᠠᠯᠳᠠᠨᠰᠠᠩ ᠶᠠᠷᠢᠯ᠎ᠠ᠃ᠴᠠᠭᠠᠨ ᠢᠳᠡᠬᠡᠨ ᠤ ᠶᠠᠰᠣ ᠴᠢᠨᠡᠷ ᠢ ᠪᠠᠳᠣᠯᠠᠬᠤ ᠶᠢᠨ ᠲᠦᠯᠣᠬᠡ᠂ ᠠᠯᠳᠠᠨᠰᠡᠩ ᠡᠳᠣᠷ ᠲᠤ 300 ᠭᠠᠷᠣᠢ ᠵᠢᠩ ᠤᠨ ᠰᠦ ᠪᠤᠯᠪᠠᠰᠤᠷᠠᠭᠤᠯᠵᠤ᠂ ᠬᠤᠷᠣᠳ᠂ ᠪᠢᠰᠢᠯᠠᠭ᠂ ᠴᠣᠷ᠎ᠡ᠂ ᠰᠢᠷ᠎ᠡ ᠲᠣᠰᠣ᠂ ᠴᠠᠭᠠᠨ ᠲᠣᠰᠣ ᠵᠡᠷᠬᠡ ᠠᠷᠪᠠ ᠭᠠᠷᠣᠢ ᠲᠦᠷᠦᠯ ᠤᠨ ᠪᠦᠳᠣᠬᠡᠭᠳᠡᠬᠦᠨ ᠬᠢᠵᠣ᠂ ᠪᠦᠳᠣᠬᠡᠭᠳᠡᠬᠦᠨ ᠨᠢ ᠬᠡᠷᠡᠭᠯᠡᠭᠴᠢᠳ ᠤᠨ ᠲᠠᠭᠠᠰᠢᠶᠠᠯ ᠢ ᠶᠡᠬᠡᠪᠡᠷ ᠣᠯᠵᠣ ᠪᠣᠢ ᠃ ︽ᠪᠢ ᠡᠳᠡᠨᠡᠶᠢᠬᠢᠨ ᠠᠴᠠ ᠲᠠᠩᠳᠠ ᠬᠤᠷᠣᠳ ᠠᠪᠳᠠᠭ᠂ ᠴᠠᠭᠠᠨ ᠢᠳᠡᠭᠡ ᠪᠠᠨ  ᠦᠪᠡᠷ ᠪᠠᠨ ᠬᠦᠳᠡᠬᠡᠨ ᠪᠠᠨ ᠬᠢᠳᠡᠭ ᠪᠣᠯᠬᠤᠷ ᠠᠮᠳᠠ ᠨᠢ ᠰᠠᠶᠢᠬᠠᠨ᠂ ᠵᠢᠩᠬᠢᠨᠢ ᠪᠠᠶᠢᠭᠠᠯᠢᠯᠢᠭ᠂ ᠮᠠᠨᠣᠰ ᠲᠠᠩᠳᠠ ᠪᠠᠨ ᠠᠪᠴᠣ ᠢᠳᠡᠳᠡᠭ︾ ᠭᠡᠵᠤ ᠮᠠᠯᠴᠢᠨ ᠬᠡᠷᠡᠯᠮᠠᠨᠳᠣᠬᠤ ᠶᠠᠷᠢᠯ᠎ᠠ᠃     ᠤᠩᠭᠤᠨ ᠠᠭᠤᠯᠠ ᠰᠣᠮᠣᠨ ᠳᠤ᠂ ᠠᠯᠳᠠᠨᠰᠡᠩ ᠤᠨ ᠬᠢ ᠲᠠᠢ ᠠᠳᠠᠯᠢ ᠬᠦᠲᠡᠭᠡ ᠲᠣᠰᠬᠤᠨ ᠢ ᠬᠦᠭᠵᠢᠭᠦᠯᠦᠨ ᠮᠠᠨᠲᠣᠭᠤᠯᠬᠤ ᠲᠦᠷᠦ ᠶᠢᠨ ᠪᠣᠲᠣᠯᠭ᠎ᠠ ᠶᠢᠨ ᠬᠠᠷᠠᠭᠠᠯᠵᠠᠯ ᠢᠶᠠᠷ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠶᠢ ᠪᠠᠶᠢᠭᠤᠯᠵᠤ᠂ ᠮᠠᠰᠢᠨ ᠲᠥᠬᠦᠭᠡᠷᠦᠮᠵᠢ ᠬᠤᠳᠠᠯᠳᠤᠨ ᠠᠪᠴᠤ ᠬᠦᠳᠡᠭᠡ ᠪᠠᠨ ᠴᠠᠭᠠᠨ ᠢᠳᠡᠭᠡ ᠡᠳ᠋ᠰᠢᠭᠦᠯᠬᠦ ᠦᠢᠯᠡᠳᠬᠡᠯ ᠤᠨ ᠭᠠᠵᠠᠷ ᠡᠷᠬᠢᠯᠡᠵᠤ ᠪᠠᠶᠢᠭ᠎ᠠ ᠮᠠᠯᠵᠢᠬᠤ ᠡᠷᠦᠬᠡ ᠣᠯᠠᠨ ᠪᠠᠶᠢᠳᠠᠭ᠃ ᠤᠩᠭᠤᠨ ᠠᠭᠤᠯᠠ ᠰᠣᠮᠣᠨ ᠤ ᠴᠠᠭᠠᠨ ᠡᠷᠬᠢ ᠭᠠᠴᠠᠭᠠᠨ ᠤ ᠮᠠᠯᠴᠢᠨ ᠲᠠᠨ᠎ᠠ ᠴᠤ 2022 ᠣᠨ ᠳᠤ 400 ᠲᠡᠭᠰᠢ ᠳᠥᠷᠪᠡᠯᠵᠢᠨ ᠮᠧᠲᠷ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠫᠧᠩ ᠰᠠᠷᠠᠪᠴᠢ ᠰᠢᠨ᠎ᠡ ᠪᠠᠷ ᠪᠠᠶᠢᠭᠤᠯᠵᠣ᠂ ᠮᠠᠰᠢᠨ ᠲᠥᠬᠦᠭᠡᠷᠦᠮᠵᠢ ᠬᠤᠳᠠᠯᠳᠤᠨ ᠠᠪᠴᠤ᠂ ᠴᠠᠭᠠᠨ ᠢᠳᠡᠭᠡ ᠬᠢᠵᠦ ᠪᠣᠷᠣᠯᠠᠭᠤᠯᠬᠤ ᠪᠠᠷ ᠲᠠᠮᠵᠢᠨ ᠣᠷᠣᠯᠭ᠎ᠠ ᠪᠠᠨ ᠨᠡᠮᠡᠭᠳᠡᠬᠦᠯᠵᠣ ᠪᠣᠢ᠃     ᠵᠢᠪᠬᠤᠯᠠᠩᠲᠦ ᠲᠠᠨ᠎ᠠ 2005 ᠣᠨ ᠠᠴᠠ ᠡᠬᠢᠯᠡᠨ ᠰᠠᠭᠠᠯᠢ ᠶᠢᠨ ᠦᠨᠢᠶ᠎ᠠ ᠮᠠᠯᠵᠢᠵᠣ᠂ ᠮᠠᠯ ᠠᠵᠣ ᠠᠬᠤᠢ  ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠣᠨ᠂ ᠲᠡᠵᠢᠭᠡᠨ ᠦᠷᠡᠵᠢᠭᠦᠯᠬᠦ ᠪᠠ ᠡᠳ᠋ᠰᠢᠭᠦᠯᠦᠨ ᠪᠣᠯᠪᠠᠰᠣᠷᠠᠭᠤᠯᠬᠤ ᠶᠢ ᠨᠢᠭᠡ ᠴᠣᠭᠴᠠᠵᠢᠭᠤᠯᠣᠨ ᠭᠦᠭᠵᠢᠭᠦᠯᠬᠦ ᠶᠢ ᠠᠬᠢᠭᠤᠯᠵᠣ᠂ ᠴᠠᠭᠠᠨ ᠢᠳᠡᠭᠡ  ᠠᠴᠠ ᠣᠷᠣᠯᠭ᠎ᠠ ᠡᠬᠦᠳᠬᠦ ᠶᠢ ᠰᠡᠳᠬᠢᠨ᠂ ᠵᠢᠯ ᠲᠠᠷᠠᠭᠠᠯᠠᠨ ᠰᠠᠭᠠᠯᠢ ᠶᠢᠨ ᠦᠨᠢᠶ᠎ᠠ ᠪᠠᠨ ᠨᠡᠮᠡᠭᠳᠡᠬᠦᠯᠣᠨ ᠰᠦ ᠴᠠᠭᠠᠨ ᠢᠳᠡᠭᠡ ᠪᠣᠷᠣᠯᠠᠭᠤᠯᠵᠣ᠂ ᠴᠣᠯ ᠪᠠᠶᠢᠭᠠᠯᠢᠯᠢᠭ᠂ ᠬᠤᠯᠢᠴᠡ ᠦᠬᠡᠢ ᠴᠡᠪᠡᠷ ᠪᠠᠶᠢᠬᠤ ᠶᠢ ᠪᠠᠷᠢᠮᠳᠠᠯᠠᠬᠰᠠᠭᠠᠷ ᠢᠷᠡᠭᠰᠠᠨ ᠪᠣᠯᠬᠤᠷ ᠣᠳᠣ ᠪᠣᠯᠬᠤ ᠳᠤ ᠲᠡᠬᠦᠨ ᠤ ᠪᠣᠷᠣᠯᠠᠭᠤᠯᠭ᠎ᠠ ᠶᠢᠨ ᠵᠠᠮ ᠰᠣᠪᠠᠭ ᠨᠢ ᠡᠳᠣᠷ ᠠᠴᠠ ᠡᠳᠣᠷ ᠦᠷᠬᠡᠵᠢᠨ᠂  ᠸᠢᠴᠠᠲ ᠪᠠᠷ ᠲᠠᠮᠵᠢᠨ ᠠᠯᠠᠱᠠ᠂ ᠦᠬᠠᠢ᠂ ᠱᠧᠨ᠋ᠵᠧᠨ ᠵᠡᠷᠭᠡ ᠭᠠᠵᠠᠷ ᠪᠤᠯᠤᠨ ᠪᠣᠯᠣᠨ ᠣᠶᠢᠷ᠎ᠡ ᠬᠠᠪᠢ ᠶᠢᠨ ᠬᠤᠰᠢᠭᠤ ᠪᠠᠷ ᠪᠣᠷᠣᠯᠠᠭᠤᠯᠣᠨ ᠵᠢᠯ ᠤᠨ ᠴᠡᠪᠡᠷ ᠣᠷᠣᠯᠭ᠎ᠠ ᠠᠷᠪᠠ ᠭᠠᠷᠣᠢ ᠲᠦᠮᠡᠨ ᠲᠦᠬᠦᠷᠢᠭ ᠲᠤ ᠬᠦᠷᠴᠣ ᠪᠣᠢ᠃ ︽ᠮᠠᠨᠠᠶᠢᠬᠢ ᠠᠩᠬ᠎ᠠ ᠡᠬᠢᠯᠡᠬᠡᠳ ᠨᠢᠬᠡ ᠰᠠᠭᠠᠯᠢ  ᠶᠢᠨ ᠦᠨᠢᠶ᠎ᠠ ᠲᠠᠢ︔ ᠵᠢᠯ ᠲᠠᠷᠠᠭᠠᠯᠠᠨ ᠠᠯᠠᠭ ᠦᠨᠢᠶ᠎ᠠ ᠪᠠᠨ ᠨᠠᠮᠠᠵᠣ ᠮᠠᠯᠵᠢᠭᠠᠳ ᠣᠯᠠᠨ ᠪᠤᠯᠭᠠᠭᠰᠠᠨ︔ ᠸᠢᠴᠡᠲ ᠠᠷᠠᠯᠵᠢᠶ᠎ᠠ ᠬᠢᠭᠡᠳ ᠴᠠᠭᠠᠨ ᠢᠳᠡᠬᠡᠨ ᠤ ᠣᠷᠣᠯᠭ᠎ᠠ ᠵᠦᠬᠡᠷ ᠪᠠᠶᠢᠨ᠎ᠠ︔ ᠡᠳᠣᠷᠵᠢᠨ ᠬᠡᠳᠣᠨ ᠵᠠᠭᠤᠨ ᠲᠦᠬᠦᠷᠢᠭ ᠤᠨ ᠣᠷᠣᠯᠭ᠎ᠠ ᠣᠯᠴᠢᠬᠠᠨ᠎ᠠ︔  ᠬᠤᠶᠢᠰᠢᠳᠠ ᠪᠠᠨ ᠠᠯᠠᠭ ᠦᠨᠢᠶ᠎ᠠ ᠪᠠᠨ ᠮᠠᠯᠵᠢᠨ᠂ ᠴᠠᠭᠠᠨ ᠢᠳᠡᠭᠡ ᠪᠠᠨ ᠰᠠᠶᠢᠨ ᠬᠢᠵᠣ᠂ ᠴᠠᠬᠠᠷ ᠬᠤᠨᠢ ᠪᠠᠨ ᠮᠠᠯᠵᠢᠨ᠂ ᠣᠷᠣᠯᠭ᠎ᠠ ᠪᠠᠨ ᠦᠷᠬᠦᠯᠵᠢᠯᠡᠨ ᠨᠡᠮᠡᠭᠳᠡᠬᠦᠯᠦᠶ᠎ᠡ ᠬᠡᠵᠣ ᠪᠣᠳᠣᠵᠣ ᠪᠠᠶᠢᠨ᠎ᠠ︾ ᠭᠡᠵᠤ ᠮᠠᠯᠴᠢᠨ ᠲᠠᠨ᠎ᠠ ᠶᠠᠷᠢᠯ᠎ᠠ᠃    ᠣᠶᠢᠷ᠎ᠠ ᠶᠢᠨ ᠵᠢᠯ ᠳᠤ᠂ ᠬᠦᠪᠡᠬᠡᠳᠣ ᠰᠢᠷ᠎ᠡ ᠬᠤᠰᠢᠭᠤᠨ ᠤ ᠤᠩᠭᠤᠨ ᠠᠭᠤᠯᠠ ᠰᠤᠮᠤ ᠨᠢ ᠠᠮᠢ ᠠᠬᠤᠶ ᠶᠢ ᠲᠡᠷᠢᠭᠦᠨ ᠳᠤ ᠲᠠᠯᠪᠢᠨ᠂ ᠪᠣᠬᠢᠷᠲᠤᠯ ᠥᠬᠡᠶ ᠬᠦᠭᠵᠢᠯᠳᠠ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠮᠠᠯᠴᠢᠨ ᠲᠦᠮᠡᠨ ᠢ ᠬᠦᠲᠦᠯᠦᠨ ᠵᠢᠯᠣᠭᠤᠳᠴᠣ ᠮᠠᠯ ᠠᠵᠣ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠲᠡᠭᠡᠭᠰᠢᠯᠡᠭᠦᠯᠵᠦ᠂ ᠦᠢᠯᠡᠳᠪᠦᠷᠢᠯᠡᠯ ᠤᠨ ᠬᠢᠷᠢ ᠲᠦᠪᠰᠢᠨ ᠢᠶᠠᠨ ᠣᠯᠡᠨ ᠨᠢᠭᠡ ᠠᠯᠬᠤᠮ ᠲᠡᠭᠦᠯᠲᠡᠷᠵᠢᠭᠦᠯᠬᠦ ᠲᠠᠯ᠎ᠠ  ᠪᠠᠷ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠣ᠂ ᠴᠠᠬᠠᠷ ᠬᠤᠨᠢᠨ ᠤ ᠭᠤᠣᠯᠳᠠᠯᠭᠠᠲᠤ ᠰᠦᠷᠦᠭ 31᠂ ᠬᠤᠸᠠᠰᠢ ᠦᠬᠡᠷ ᠤᠨ ᠭᠤᠤᠯᠳᠠᠯᠭᠠᠲᠤ ᠰᠦᠷᠦᠭ 2᠂ ᠭᠡᠷ ᠪᠦᠯᠢ ᠶᠢᠨ ᠮᠠᠯᠵᠢᠯ ᠤᠨ ᠲᠠᠯᠠᠪᠠᠢ 56 ᠳᠤ ᠬᠦᠷᠴᠦ᠂ ᠬᠡᠷ ᠪᠦᠯᠢ ᠶᠢᠨ ᠮᠠᠯᠵᠢᠯ ᠤᠨ ᠲᠠᠯᠠᠪᠠᠢ ᠪᠠᠷ ᠭᠤᠤᠯᠳᠠᠯᠭ᠎ᠠ ᠪᠣᠯᠭᠠᠵᠤ᠂ ᠳᠤᠮᠳᠠ ᠵᠢᠵᠢᠭ ᠴᠠᠭᠠᠨ ᠢᠳᠡᠬᠡᠨ ᠤ ᠦᠢᠯᠡᠳᠬᠡᠯ  ᠤᠨ ᠴᠡᠭ ︵ᠮᠠᠯᠵᠢᠬᠤ ᠡᠷᠦᠬᠡ︶ 8 ᠪᠠᠶᠢᠭᠤᠯᠵᠣ᠂ ᠡᠭᠦᠨ ᠤ ᠬᠠᠮᠲᠤ᠂ ︽ᠲᠠᠷᠢᠶᠠᠯᠠᠩ ᠮᠠᠯ ᠠᠵᠤ ᠠᠬᠤᠶ ᠶᠢᠨ ᠪᠤᠰᠤ ᠦᠢᠯᠡᠳᠪᠣᠷᠢᠯᠡᠯ ᠤᠨ ᠣᠷᠣᠯᠭ᠎ᠠ︾ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠨ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢᠶᠠᠷ ᠲᠦᠰᠢᠭ ᠪᠣᠯᠭᠠᠨ᠂ ᠣᠯᠠᠨ ᠶᠠᠩᠵᠤ ᠶᠢᠨ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠣ ᠪᠣᠢ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号