ᠨᠢᠭᠡ ᠵᠢᠯ ᠤᠨ ᠬᠠᠭᠠᠰ ᠨᠢ ᠥᠩᠭᠡᠷᠡᠬᠦ ᠪᠠᠷ ︽ᠬᠤᠭᠤᠴᠠᠭᠠᠨ ᠳᠤᠮᠳᠠᠬᠢ ᠰᠢᠯᠭᠠᠯᠲᠠ︾ ᠶᠢᠨ ᠬᠢᠷᠢ ᠪᠦᠲᠦᠮᠵᠢ | ᠶᠠᠮᠠᠷ ᠵᠡᠷᠭᠡ ᠪᠠᠶᠢᠬᠤ ᠨᠢ ᠤᠯᠠᠨ ᠤ ᠠᠩᠬᠠᠷᠤᠯ ᠢ ᠤᠨᠴᠠᠭᠠᠢ ᠲᠠᠲᠠᠨ᠎ᠠ᠃ | ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠪᠠᠷ ᠲᠦᠷᠦᠭᠦᠦ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.4 ᠬᠤᠪᠢ ᠳᠠᠪᠠᠵᠤ᠂ ᠠᠳᠠᠯᠢ | ᠬᠤᠭᠤᠴᠠᠭᠠᠨ ᠤ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.5 ᠬᠤᠪᠢ ᠳᠠᠪᠠᠪᠠ᠃ | | 7.5% ᠶᠢᠨ ᠨᠡᠮᠡᠭᠳᠡᠯ ᠪᠣᠯ ᠭᠢᠯᠪᠡᠷ ᠪᠤᠰᠤ ᠠᠮᠵᠢᠯᠲᠠ ᠶᠤᠮᠰᠠᠨ᠂ ᠡᠨᠡ ᠪᠣᠯ ᠨᠡᠭᠦᠷᠡᠰᠦ ᠵᠡᠷᠭᠡ ᠭᠤᠣᠯ ᠪᠤᠯᠬᠤ | ᠡᠨᠧᠷᠭᠢ ᠶᠢᠨ ᠦᠢᠯᠡᠳᠬᠦᠨ ᠤ ᠦᠨ᠎ᠡ ᠬᠠᠩᠰᠢ ᠨᠡᠶᠢᠳᠡᠮ ᠳᠣᠣᠷ᠎ᠠ ᠮᠥᠷᠲᠡᠭᠡᠨ ᠬᠡᠷᠡᠭᠴᠡᠭᠡ ᠭᠦᠢᠴᠡᠳ ᠪᠤᠰᠤ | ᠭᠠᠳᠠᠭᠠᠳᠤ ᠣᠷᠴᠢᠨ ᠨᠥᠬᠦᠴᠡᠯ ᠤᠨ ᠳᠣᠣᠷ᠎ᠠ ᠣᠯᠣᠭᠰᠠᠨ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ | ᠠᠬᠤᠢ ᠶᠢᠨ ᠬᠦᠴᠦᠷᠬᠡᠭ ᠶᠡᠭᠡ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠢ ᠬᠠᠷᠠᠭᠤᠯᠤᠭᠰᠠᠨ᠂ ᠨᠡᠩ ᠴᠤ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠠ ᠳᠤᠭᠢᠶᠠᠯ ᠢ ᠪᠠᠲᠤ ᠡᠵᠡᠮᠳᠡᠵᠦ᠂ ᠢᠲᠡᠭᠡᠯ | ᠵᠣᠷᠢᠭ ᠢᠶᠠᠨ ᠪᠠᠲᠤᠳᠬᠠᠨ᠂ ᠪᠠᠶᠢᠷᠢ ᠲᠣᠭᠲᠠᠭᠠᠯᠲᠠ ᠪᠠᠨ ᠤᠨᠤᠪᠴᠢᠳᠠᠢ ᠣᠯᠵᠤ᠂ ᠢᠯᠠᠯᠲᠠ ᠶᠢᠨ ᠡᠷᠴᠢᠨ | ᠳᠡᠭᠡᠷ᠎ᠡ ᠪᠠᠨ ᠦᠷᠭᠦᠯᠵᠢᠯᠡᠨ ᠤᠷᠤᠭᠰᠢᠯᠠᠬᠤ ᠳᠠᠭᠠᠨ ᠬᠤᠷᠠᠮᠳᠤᠭᠤᠯᠤᠭᠰᠠᠨ ᠬᠦᠴᠦᠷᠬᠡᠭ ᠶᠡᠭᠡ ᠬᠥᠭᠵᠢᠯᠲᠡ ᠶᠢᠨ | ᠡᠷᠴᠢ ᠬᠦᠴᠦᠨ ᠪᠠ ᠬᠥᠳᠡᠯᠭᠡᠬᠦ ᠡᠨᠧᠷᠭᠢ ᠶᠢ ᠢᠯᠡᠷᠡᠭᠦᠯᠦᠭᠰᠡᠨ ᠠᠮᠵᠢᠯᠲᠠ ᠪᠢᠯᠡ᠃ | 7.5% ᠶᠢᠨ ᠬᠦᠨᠳᠦᠴᠡ ᠬᠡᠳᠦᠢ ᠶᠡᠭᠡ ᠪᠤᠢ︖ ᠡᠭᠦᠨ ᠤ ᠬᠠᠷᠢᠭᠤᠯᠲᠠ ᠨᠢ ᠥᠪᠥᠷ ᠮᠣᠩᠭᠤᠯ ᠤᠨ ᠰᠢᠨ᠎ᠡ | ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠡᠵᠤ᠂ ᠰᠢᠨ᠎ᠡ ᠡᠨᠧᠷᠭᠢ ᠶᠢᠨ ᠬᠦᠷᠢᠶᠡᠨ ᠳᠤ ᠲᠠᠭᠢᠨ ᠨᠢᠭᠡ | ᠠᠵᠤ ᠦᠢᠯᠡᠳᠪᠦᠷᠢ ᠶᠢᠨ ᠥᠪᠥᠷ ᠮᠣᠩᠭᠤᠯ ᠢ ᠴᠣᠭᠴᠠᠯᠠᠬᠤ ᠪᠠᠷ ᠴᠢᠷᠮᠠᠶᠢᠬᠤ ᠲᠡᠮᠡᠴᠡᠯ ᠤᠨ ᠦᠢᠯᠡᠳᠦᠯᠭᠡ ᠳᠤ ᠪᠤᠢ᠃ | ᠡᠨᠡ ᠵᠢᠯ ᠠᠴᠠ ᠨᠠᠭᠠᠰᠢ᠂ ᠮᠠᠨ ᠤ ᠣᠷᠣᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠶᠢ ᠪᠠᠷᠢᠮᠲᠠᠯᠠᠨ | ᠂ ᠰᠢᠨ᠎ᠡ ᠡᠨᠧᠷᠭᠢ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ | ᠲᠠᠯ᠎ᠠ ᠪᠠᠷ ᠰᠢᠨ᠎ᠡ ᠡᠨᠧᠷᠭᠢ ᠶᠢ ᠨᠡᠭᠡᠭᠡᠵᠦ ᠬᠥᠭᠵᠢᠭᠦᠯᠬᠦ ᠶᠢ ᠠᠳᠬᠤᠨ᠂ ᠨᠦᠭᠦᠭᠡ ᠲᠠᠯ᠎ᠠ ᠪᠠᠷ ᠰᠢᠨ᠎ᠡ ᠡᠨᠧᠷᠭᠢ ᠶᠢᠨ | ᠲᠣᠨᠣᠭᠯᠠᠯ ᠦᠢᠯᠡᠳᠬᠦ᠂ ᠡᠵᠡᠩᠨᠡᠨ ᠬᠠᠮᠢᠶᠠᠷᠬᠤ ᠦᠢᠯᠡᠴᠢᠯᠡᠭᠡ ᠵᠡᠷᠭᠡ ᠬᠤᠯᠪᠣᠭᠳᠠᠯ ᠪᠦᠬᠦᠢ ᠢᠵᠢ ᠪᠦᠷᠢᠳᠦᠭᠦᠯᠬᠦ | ᠠᠵᠤ ᠦᠢᠯᠡᠰ ᠤᠨ ᠬᠥᠭᠵᠢᠯᠲᠡ ᠶᠢ ᠠᠳᠬᠤᠵᠤ᠂ ᠰᠢᠨ᠎ᠡ ᠡᠨᠧᠷᠭᠢ ᠶᠢᠨ ᠠᠵᠤ ᠦᠢᠯᠡᠰ ᠨᠢᠰᠬᠦ ᠮᠡᠲᠦ ᠲᠦᠷᠭᠡᠨ | ᠬᠥᠭᠵᠢᠯᠲᠡ ᠲᠠᠢ ᠪᠣᠯᠵᠠᠢ᠃ | ᠡᠨᠡ ᠵᠢᠯ ᠤᠨ 5 ᠰᠠᠷ᠎ᠠ ᠶᠢᠨ ᠰᠡᠭᠦᠯᠴᠢ ᠪᠤᠯᠳᠠᠯ᠎ᠠ᠂ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 10158 ᠲᠦᠮᠡᠨ ᠺᠢᠯᠣᠸᠠᠲ ᠲᠤ ᠬᠦᠷᠴᠦ᠂ ᠴᠠᠭᠢᠯᠭᠠᠨ ᠬᠦᠴᠦᠨ ᠤ | ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠶᠢᠨ 45% ᠶᠢ ᠡᠵᠡᠯᠡᠬᠦ ᠪᠣᠯᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 7.3 ᠬᠤᠪᠢ ᠳᠠᠪᠠᠵᠤ᠂ ᠪᠦᠭᠦ ᠤᠯᠤᠰ ᠤᠨ ᠠᠩᠬᠠᠳᠠᠭᠴᠢ | ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠳ᠋ᠦᠩᠰᠢᠭᠤᠷ ᠺᠢᠯᠣᠸᠠᠲ ᠢ ᠳᠠᠪᠠᠭᠰᠠᠨ | ᠮᠤᠵᠢ ᠣᠷᠣᠨ ᠪᠣᠯᠪᠠ᠃ | ᠡᠨᠡ ᠨᠢ ᠬᠡᠪᠴᠢᠶ᠎ᠡ ᠶᠢᠨ ᠰᠢᠪᠲᠤᠯᠤᠯᠲᠠ ᠲᠡᠳᠦᠢ ᠪᠢᠰᠢ᠂ ᠨᠡᠩ ᠴᠤ ᠶᠠᠰᠤ ᠴᠢᠨᠠᠷ ᠤᠨ ᠰᠢᠪᠲᠤᠯᠤᠯᠲᠠ ᠪᠠᠶᠢᠵᠤ᠂ | ᠪᠦᠭᠦ ᠣᠷᠣᠨ ᠤ ᠴᠠᠭᠢᠯᠭᠠᠨ ᠬᠦᠴᠦᠨ ᠤ ︽ᠪᠣᠬᠢᠷᠳᠤᠯ ᠦᠭᠡᠢ ᠶᠢᠨ ᠬᠡᠮᠵᠢᠶ᠎ᠡ︾ ᠠᠯᠬᠤᠮ ᠠᠯᠬᠤᠮ ᠢᠶᠠᠷ | ᠨᠡᠮᠡᠭᠳᠡᠭᠰᠡᠨ ᠪᠠᠶᠢᠨ᠎ᠠ᠃ | ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ | ᠡᠨᠧᠷᠭᠢ ᠪᠠᠷ ᠴᠠᠭᠢᠯᠭᠠᠨ ᠭᠠᠷᠭᠠᠭᠰᠠᠨ ᠬᠡᠮᠵᠢᠶ᠎ᠡ 947.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠪᠡ︔ ᠰᠢᠨ᠎ᠡ ᠡᠨᠧᠷᠭᠢ ᠪᠠᠷ ᠴᠠᠭᠢᠯᠭᠠᠨ | ᠭᠠᠷᠭᠠᠭᠰᠠᠨ ᠬᠡᠮᠵᠢᠶ᠎ᠡ ᠨᠢ ᠪᠦᠭᠦ ᠴᠠᠭᠢᠯᠭᠠᠨ ᠭᠠᠷᠭᠠᠭᠰᠠᠨ ᠬᠡᠮᠵᠢᠶ᠎ᠡ ᠶᠢᠨ 24.3% ᠶᠢ ᠡᠵᠡᠯᠡᠵᠦ᠂ ᠡᠵᠡᠯᠡᠬᠦ | ᠬᠠᠷᠢᠴᠠᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.9 ᠬᠤᠪᠢ | ᠳᠡᠭᠡᠭᠰᠢᠯᠡᠪᠡ᠃ ᠡᠭᠦᠨ ᠳᠤ ᠰᠠᠯᠬᠢᠨ ᠬᠦᠴᠦ ᠪᠠᠷ 792.4 ᠳ᠋ᠦᠩᠰᠢᠭᠤᠷ ᠺᠢᠯᠣᠸᠠᠲ ᠴᠠᠭ ᠴᠠᠭᠢᠯᠭᠠᠨ ᠭᠠᠷᠭᠠᠵᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 18.6% ᠪᠠᠷ ᠨᠡᠮᠡᠭᠳᠡᠨ᠂ ᠭᠡᠷᠡᠯᠴᠢ ᠴᠡᠨᠡᠭ ᠢᠶᠠᠷ 147.5 | ᠳ᠋ᠦᠩᠰᠢᠭᠤᠷ ᠺᠢᠯᠣᠸᠠᠲ ᠴᠠᠭ ᠴᠠᠭᠢᠯᠭᠠᠨ ᠭᠠᠷᠭᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 43. | 1% ᠪᠠᠷ ᠨᠡᠮᠡᠭᠳᠡᠪᠡ᠃ | ᠡᠳᠦᠭᠡ ᠥᠪᠥᠷ ᠮᠣᠩᠭᠤᠯ ᠶᠠᠭ ᠪᠦᠭᠦ ᠤᠯᠤᠰ ᠲᠤ ᠡᠩ ᠲᠡᠷᠢᠭᠦᠨ ᠳᠤ ᠰᠢᠨ᠎ᠡ ᠡᠨᠧᠷᠭᠢ ᠪᠠᠷ ᠭᠤᠣᠯ ᠴᠣᠭᠴᠠ | ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠴᠣᠭᠴᠠᠯᠠᠬᠤ ᠬᠠᠷᠠᠯᠲᠠ ᠶᠢ ᠪᠠᠲᠤ ᠡᠵᠡᠮᠳᠡᠨ᠂ | ᠰᠢᠨ᠎ᠡ ᠡᠨᠧᠷᠭᠢ ᠶᠢ ᠨᠡᠭᠡᠭᠡᠵᠦ ᠬᠥᠭᠵᠢᠭᠦᠯᠬᠦ ᠪᠠ ᠲᠣᠨᠣᠭᠯᠠᠯ ᠦᠢᠯᠡᠳᠬᠦ ᠦᠢᠯᠡᠰ ᠢ ᠱᠠᠯᠠᠪᠳᠠᠭᠤᠯᠤᠨ ᠬᠥᠭᠵᠢᠭᠦᠯᠵᠦ | ᠪᠠᠶᠢᠨ᠎ᠠ᠃ ᠵᠢᠱᠢᠯᠲᠡ ᠪᠠᠷ ᠵᠢᠯ ᠤᠨ ᠡᠴᠦᠰ ᠪᠤᠯᠬᠤ ᠳᠤ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 1.3 ᠳ᠋ᠦᠩᠰᠢᠭᠤᠷ ᠺᠢᠯᠣᠸᠠᠲ ᠢ ᠳᠠᠪᠠᠭ᠋ᠤ ᠪᠣᠯᠣᠨ᠎ᠠ᠃ | 7.5% ᠶᠢᠨ ᠬᠦᠨᠳᠦᠴᠡ ᠬᠡᠳᠦᠢ ᠶᠡᠭᠡ ᠪᠤᠢ︖ ᠡᠭᠦᠨ ᠤ ᠬᠠᠷᠢᠭᠤᠯᠲᠠ ᠨᠢ ᠥᠪᠥᠷ ᠮᠣᠩᠭᠤᠯ ᠤᠨ | ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠵᠤ᠂ | ᠦᠢᠯᠡᠳᠬᠦ ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠲᠡᠮᠡᠴᠡᠯ ᠤᠨ ᠦᠢᠯᠡᠳᠦᠯᠭᠡ ᠳᠤ ᠪᠤᠢ᠃ | ᠦᠢᠯᠡᠳᠬᠦ ᠦᠢᠯᠡᠰ ᠪᠣᠯ ᠠᠵᠤ ᠦᠢᠯᠡᠳᠪᠦᠷᠢ ᠶᠢᠨ ᠭᠤᠣᠯ ᠲᠤᠯᠭᠠᠭᠤᠷᠢ᠂ ᠠᠵᠤ ᠦᠢᠯᠡᠳᠪᠦᠷᠢ ᠶᠢᠨ | ᠪᠦᠲᠦᠴᠡ ᠳᠤ ᠲᠣᠬᠢᠷᠠᠭᠤᠯᠤᠯᠲᠠ ᠬᠢᠵᠦ᠂ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ︽ᠭᠤᠣᠯ | ᠳᠠᠶᠢᠯᠠᠯᠳᠤᠭᠠᠨ ᠤ ᠲᠠᠯᠠᠪᠤᠷ︾ ᠮᠥᠨ᠃ ᠡᠨᠡ ᠵᠢᠯ ᠠᠴᠠ ᠨᠠᠭᠠᠰᠢ᠂ ᠣᠷᠣᠨ ᠳᠠᠶᠠᠭᠠᠷ ᠢᠶᠠᠨ ᠦᠢᠯᠡᠳᠬᠦ | ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠠᠷ ᠭᠤᠣᠯ | ᠰᠢᠪᠲᠤᠯᠤᠯᠲᠠ ᠶᠢᠨ ᠴᠢᠭᠯᠡᠯ ᠪᠣᠯᠭᠠᠨ᠂ ᠦᠢᠯᠡᠳᠬᠦ ᠦᠢᠯᠡᠰ ᠤᠨ ᠶᠡᠭᠡ ᠲᠦᠷᠦᠯ ᠵᠦᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠪᠠᠷ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠠᠵᠤ ᠦᠢᠯᠡᠰ ᠤᠨ ᠬᠡᠯᠬᠢᠶ᠎ᠡ ᠶᠢ | ᠨᠥᠬᠦᠪᠦᠷᠢᠯᠡᠬᠦ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠬᠤ ᠶᠢ ᠳᠠᠶᠢᠴᠢᠯᠠᠬᠤ ᠪᠠᠷ ᠭᠤᠣᠯ ᠰᠢᠵᠢᠮ ᠪᠤᠯᠭᠠᠵᠤ᠂ | ᠠᠵᠤ ᠦᠢᠯᠡᠰ ᠤᠨ ᠬᠡᠯᠬᠢᠶ᠎ᠡ ᠶᠢ ᠡᠴᠦᠰ ᠤᠨ ᠦᠢᠯᠡᠳᠬᠦᠨ ᠲᠡᠶᠢᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ | ᠳᠤᠮᠳᠠ ᠳᠡᠭᠡᠳᠦ ᠳᠡᠰ ᠲᠡᠶᠢᠰᠢ ᠳᠡᠰ ᠳᠡᠪᠰᠢᠭᠦᠯᠬᠦ ᠶᠢ ᠪᠡᠶᠡᠯᠡᠭᠦᠯᠵᠦ᠂ ᠠᠵᠤ ᠦᠢᠯᠡᠰ ᠤᠨ ᠪᠦᠲᠦᠴᠡ ᠳᠤ | ᠲᠣᠬᠢᠷᠠᠭᠤᠯᠤᠯᠲᠠ ᠬᠢᠵᠦ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠶᠢ ᠲᠦᠷᠭᠡᠳᠬᠡᠵᠡᠢ᠃ | ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ | ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠵᠦ᠂ 2023 ᠣᠨ ᠤ 4 | ᠰᠠᠷ᠎ᠠ ᠠᠴᠠ ᠨᠠᠭᠠᠰᠢᠬᠢ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠬᠠᠨᠳᠤᠰᠢ ᠶᠢ ᠦᠷᠭᠦᠯᠵᠢᠯᠡᠨ ᠪᠠᠲᠤᠯᠠᠪᠠ᠃ | ᠡᠭᠦᠨ ᠳᠤ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠤᠨ ᠡᠷᠴᠢᠮ ᠨᠢ ᠨᠡᠩ ᠴᠢᠩᠭ᠎ᠠ ᠪᠠᠶᠢᠵᠤ᠂ ᠪᠦᠭᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 41.3% ᠪᠠᠷ ᠨᠡᠮᠡᠭᠳᠡᠨ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 33.8 ᠬᠤᠪᠢ ᠳᠠᠪᠠᠵᠠᠢ᠃ | ᠳᠡᠭᠡᠳᠦ ᠳᠡᠰ ᠤᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠡᠷᠴᠢᠮ ᠴᠤ ᠴᠢᠩᠭᠠᠷᠠᠵᠤ᠂ ᠪᠦᠭᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 32.4% ᠪᠠᠷ ᠨᠡᠮᠡᠭᠳᠡᠨ᠂ ᠪᠦᠭᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 24.9 ᠬᠤᠪᠢ | ᠳᠠᠪᠠᠪᠠ᠃ ᠦᠢᠯᠡᠳᠬᠦ ᠦᠢᠯᠡᠰ ᠤᠳᠤ ᠶᠠᠭ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ | ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠪᠣᠯᠵᠤ ᠪᠠᠶᠢᠨ᠎ᠠ᠃ | ᠣᠳᠣᠬᠠᠨ ᠳᠤ ᠥᠪᠥᠷ ᠮᠣᠩᠭᠤᠯ ᠶᠠᠭ ᠳᠡᠭᠡᠳᠦ ᠳᠡᠰ ᠤᠨ ᠲᠣᠨᠣᠭᠯᠠᠯ᠂ ᠰᠢᠨ᠎ᠡ ᠮᠠᠲ᠋ᠧᠷᠢᠶᠠᠯ᠂ ᠤᠳᠤ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠨᠣᠣᠰᠣ | ᠨᠣᠣᠯᠣᠭᠤᠷ ᠤᠨ ᠨᠡᠬᠡᠮᠡᠯ᠂ ᠢᠳᠡᠭᠡᠨ ᠪᠤᠯᠪᠠᠰᠤᠷᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠥᠪᠡᠷᠮᠢᠴᠡ | ᠣᠨᠴᠠᠯᠢᠭ ᠲᠠᠢ ᠳᠠᠪᠠᠭᠤᠯᠢᠭᠲᠤ ᠠᠵᠤ ᠦᠢᠯᠡᠰ ᠤᠨ ᠲᠣᠭᠤᠷᠢᠨ ᠳᠤ ︽139︾ ᠲᠡᠷᠢᠭᠦᠨ ᠤ ᠦᠢᠯᠡᠳᠬᠦ | ᠦᠢᠯᠡᠰ ᠤᠨ ᠪᠦᠯᠦᠭᠵᠢᠯ ᠤᠨ ᠰᠢᠰᠲ᠋ᠧᠮ ᠢ ᠱᠠᠯᠠᠪᠳᠠᠨ ᠪᠠᠶᠢᠭᠤᠯᠵᠤ ᠪᠤᠢ᠃ ᠡᠨᠡ ᠨᠢ ᠳᠠᠷᠤᠢ 1 ᠳᠡᠯᠡᠬᠡᠢ ᠶᠢᠨ | ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ᠂ 3 ᠤᠯᠤᠰ ᠤᠨ ᠳᠡᠰ ᠤᠨ ᠲᠡᠷᠢᠭᠦᠨ ᠤ ᠦᠢᠯᠡᠳᠬᠦ | ᠦᠢᠯᠡᠰ ᠤᠨ ᠪᠦᠯᠦᠭᠵᠢᠯ᠂ 9 ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ | ᠪᠦᠯᠦᠭᠵᠢᠯ ᠢ ᠪᠠᠶᠢᠭᠤᠯᠵᠤ᠂ ᠳᠡᠯᠡᠬᠡᠢ ᠶᠢᠨ ᠳᠡᠰ ᠤᠨ ᠪᠦᠯᠦᠭᠵᠢᠯ ᠢᠶᠠᠷ ᠤᠳᠤᠷᠢᠳᠤᠮᠵᠢ ᠪᠤᠯᠭᠠᠵᠤ᠂ ᠤᠯᠤᠰ ᠤᠨ | ᠳᠡᠰ ᠤᠨ ᠪᠦᠯᠦᠭᠵᠢᠯ ᠢᠶᠠᠷ ᠭᠤᠣᠯᠯᠠᠭᠴᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠯᠦᠭᠵᠢᠯ ᠢᠶᠠᠷ | ᠰᠠᠭᠤᠷᠢ ᠪᠤᠯᠭᠠᠬᠰᠠᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠰᠢᠰᠲ᠋ᠧᠮ ᠢ ᠠᠩᠬ᠎ᠠ ᠠᠯᠬᠤᠮ | ᠪᠦᠷᠢᠯᠳᠦᠭᠦᠯᠦᠨ᠂ ᠦᠢᠯᠡᠳᠬᠦ ᠦᠢᠯᠡᠰ ᠤᠨ ᠳᠡᠭᠡᠳᠦ ᠳᠡᠰᠵᠢᠵᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠶᠢ | ᠵᠢᠭᠠᠵᠤ ᠪᠠᠶᠢᠨ᠎ᠠ᠃ | 7.5% ᠶᠢᠨ ᠨᠡᠮᠡᠭᠳᠡᠯ ᠤᠨ ᠬᠤᠷᠳᠤᠴᠠ ᠪᠣᠯ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ | ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ ᠪᠠᠷ ᠰᠠᠶᠢᠵᠢᠷᠠᠭᠰᠠᠨ ᠤ ᠴᠢᠬᠤᠯᠠ | ᠫᠠᠷᠠᠮᠧᠳ᠋ᠷ ᠪᠣᠯᠣᠨ᠎ᠠ᠃ ᠡᠨᠡ ᠬᠦ ︽ᠬᠤᠭᠤᠴᠠᠭᠠᠨ ᠳᠤᠮᠳᠠᠬᠢ ᠰᠢᠯᠭᠠᠯᠲᠠ︾ ᠶᠢ ᠨᠠᠷᠢᠨ ᠰᠢᠨᠵᠢᠯᠡᠪᠡᠯ᠂ ᠠᠵᠤ | ᠦᠢᠯᠡᠰ ᠤᠨ ᠰᠢᠨ᠎ᠡ ᠲᠡᠶᠢᠰᠢ᠂ ᠣᠶᠤᠨᠴᠢᠯᠠᠭᠰᠠᠨ ᠲᠡᠶᠢᠰᠢ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠬᠠᠨᠳᠤᠰᠢ ᠨᠡᠩ ᠲᠣᠪᠤᠶᠢᠮ᠎ᠠ ᠪᠣᠯᠵᠤ᠂ ᠬᠥᠳᠡᠯᠭᠡᠬᠦ ᠬᠦᠴᠦᠨ ᠢᠶᠠᠷ ᠨᠡᠩ ᠴᠢᠩᠭ᠎ᠠ᠂ ᠪᠦᠲᠦᠴᠡ ᠪᠠᠷ | ᠨᠡᠩ ᠰᠢᠯᠢᠳᠡᠭ᠂ ᠦᠷ᠎ᠡ ᠠᠰᠢᠭ ᠢᠶᠠᠷ ᠨᠡᠩ ᠥᠨᠳᠥᠷ ᠠᠵᠤ ᠠᠬᠤᠢ ᠶᠢᠨ ᠨᠡᠮᠡᠭᠳᠡᠯ ᠶᠠᠭ ᠪᠦᠭᠦ ᠣᠷᠣᠨ ᠤ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠦᠨᠳᠦᠴᠡ ᠶᠢ ᠲᠠᠰᠤᠷᠠᠯᠳᠠ ᠦᠭᠡᠢ ᠨᠡᠮᠡᠭᠳᠡᠭᠦᠯᠵᠦ ᠪᠤᠢ᠃ | ︽ᠬᠤᠭᠤᠴᠠᠭᠠᠨ ᠳᠤᠮᠳᠠᠬᠢ ᠰᠢᠯᠭᠠᠯᠲᠠ︾ ᠪᠣᠯ ︽ᠬᠢᠷᠢ ᠪᠦᠲᠦᠮᠵᠢ ᠶᠢᠨ ᠬᠠᠭᠤᠳᠠᠰᠤ︾ ᠪᠤᠯᠬᠤ ᠪᠥᠭᠡᠳ ︽ | ᠴᠢᠭᠯᠡᠯ ᠤᠨ ᠵᠢᠷᠤᠭ︾ ᠶᠤᠮᠰᠠᠨ᠃ ᠪᠦᠭᠦ ᠵᠢᠯ ᠤᠨ ᠠᠵᠤ ᠠᠬᠤᠢ ᠶᠢᠨ ᠬᠠᠨᠳᠤᠰᠢ ᠶᠢ ᠲᠣᠭᠲᠠᠭᠠᠬᠤ ︽ᠳᠣᠣᠷ᠎ᠠ | ᠬᠠᠭᠠᠰ ᠲᠠᠯᠠᠪᠤᠷ︾ ᠤᠨ ᠤᠷᠤᠯᠳᠤᠭᠠᠨ ᠤ ᠵᠠᠮ ᠳᠤ ᠣᠷᠣᠬᠤᠶ᠎ᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ | ᠠᠵᠤ ᠠᠬᠤᠢ ᠢᠯᠠᠯᠲᠠ ᠶᠢᠨ ᠡᠷᠴᠢᠨ ᠳᠡᠭᠡᠷ᠎ᠡ ᠪᠠᠨ ᠳᠠᠬᠢᠨᠲᠠ ᠰᠢᠨ᠎ᠡ ᠳᠡᠭᠲᠡᠷ ᠲᠤ ᠭᠠᠷᠬᠤ ᠪᠠᠷ ᠴᠢᠷᠮᠠᠶᠢᠬᠤ | ᠴᠢᠬᠤᠯᠠᠲᠠᠢ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠳᠠᠷᠠᠭᠠᠴᠢ ᠪᠠᠷ ᠥᠪᠡᠷᠲᠡᠭᠡᠨ ᠵᠠᠰᠠᠬᠤ | ᠣᠷᠣᠨ ᠠᠴᠠ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ᠂ ᠲᠡᠷᠢᠭᠦᠨ ᠤ ᠦᠢᠯᠡᠳᠬᠦ | ᠦᠢᠯᠡᠰ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠶᠢ ᠦᠷᠭᠦᠯᠵᠢᠯᠡᠨ ᠪᠠᠷᠢᠮᠲᠠᠯᠠᠵᠤ᠂ | ᠠᠵᠤ ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠲᠡᠶᠢᠰᠢ ᠬᠥᠭᠵᠢᠬᠦ ᠶᠢ ᠢᠳᠡᠪᠬᠢᠲᠡᠢ | ᠠᠬᠢᠭᠤᠯᠤᠨ᠂ ︽5 + 5 + 6︾ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠱᠠᠯᠠᠪᠳᠠᠨ ᠴᠣᠭᠴᠠᠯᠠᠬᠤ | ᠪᠣᠯᠣᠨ᠎ᠠ᠃ ︽5 + 5 + 6︾ ᠨᠢ ᠳᠠᠷᠤᠢ ᠡᠨᠧᠷᠭᠢ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠶᠢᠨ ᠠᠵᠤ | ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠤᠯᠪᠠᠰᠤᠷᠠᠭᠤᠯᠬᠤ ᠵᠡᠷᠭᠡ 5 ᠤᠯᠠᠮᠵᠢᠯᠠᠯᠲᠤ ᠠᠵᠤ ᠦᠢᠯᠡᠰ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠤᠳᠤ | ᠦᠶ᠎ᠡ ᠶᠢᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠠᠮᠢᠳᠤ ᠪᠣᠳᠠᠰ ᠤᠨ ᠡᠮ ᠡᠮᠨᠡᠯᠭᠡ | ᠵᠡᠷᠭᠡ 5 ᠰᠢᠨ᠎ᠡ ᠪᠠᠷ ᠮᠠᠨᠳᠤᠭᠰᠠᠨ ᠠᠵᠤ ᠦᠢᠯᠡᠰ᠂ ᠢᠷᠡᠭᠡᠳᠦᠢ ᠶᠢᠨ ᠡᠨᠧᠷᠭᠢ᠂ ᠢᠷᠡᠭᠡᠳᠦᠢ ᠶᠢᠨ ᠮᠠᠲ᠋ᠧᠷᠢᠶᠠᠯ᠂ | ᠢᠷᠡᠭᠡᠳᠦᠢ ᠶᠢᠨ ᠦᠢᠯᠡᠳᠬᠡᠯ᠂ ᠢᠷᠡᠭᠡᠳᠦᠢ ᠶᠢᠨ ᠮᠡᠳᠡᠭᠡ ᠵᠠᠩᠭᠢ᠂ ᠢᠷᠡᠭᠡᠳᠦᠢ ᠶᠢᠨ ᠡᠷᠡᠭᠦᠯ ᠮᠡᠨᠳᠤ᠂ | ᠢᠷᠡᠭᠡᠳᠦᠢ ᠶᠢᠨ ᠣᠷᠣᠨ ᠵᠠᠢ ᠵᠡᠷᠭᠡ 6 ᠢᠷᠡᠭᠡᠳᠦᠢ ᠶᠢᠨ ᠠᠵᠤ ᠦᠢᠯᠡᠰ ᠢ ᠵᠢᠭᠠᠵᠤ ᠪᠤᠢ᠃ | — ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠵᠦ ᠳᠡᠰ ᠳᠡᠪᠰᠢᠭᠦᠯᠦᠨ᠎ᠡ᠃ ᠶᠡᠭᠡ ᠬᠡᠪᠴᠢᠶᠡᠨ ᠤ | ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠥᠬᠦᠭᠡᠷᠦᠮᠵᠢ ᠶᠢ | ᠰᠢᠨᠡᠴᠢᠯᠡᠬᠦ᠂ ᠤᠷ᠎ᠠ ᠮᠡᠷᠭᠡᠰᠢᠯ ᠢ ᠳᠡᠰ ᠳᠡᠪᠰᠢᠭᠦᠯᠬᠦ᠂ ᠲᠣᠭᠠᠴᠢᠯᠠᠭᠰᠠᠨ ᠮᠡᠷᠭᠡᠵᠢᠯ ᠢᠶᠠᠷ ᠬᠥᠳᠡᠯᠭᠡᠬᠦ ᠬᠦᠴᠦᠨ | ᠨᠡᠮᠡᠷᠢᠯᠡᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠢ ᠨᠡᠶᠢᠳᠬᠡᠵᠦ ᠳᠠᠭᠢᠨ | ᠵᠣᠬᠢᠶᠠᠨ ᠪᠠᠶᠢᠭᠤᠯᠬᠤ ᠪᠠ ᠬᠢᠵᠠᠭᠠᠷᠯᠠᠬᠤ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ | ᠡᠷᠴᠢᠮ ᠢ ᠴᠢᠩᠭᠠᠷᠠᠭᠤᠯᠤᠨ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠥᠨᠳᠥᠷ | ᠪᠠᠷᠢᠮᠵᠢᠶ᠎ᠠ ᠪᠠᠷ ᠭᠥᠯᠢᠶᠡᠨ ᠠᠪᠴᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠲᠠᠢ | ᠪᠤᠯᠬᠤ ᠶᠢ ᠠᠬᠢᠭᠤᠯᠤᠨ᠎ᠠ᠃ | — ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠭᠤᠣᠯᠳᠠᠯᠭ᠎ᠠ ᠲᠠᠢ | ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠳᠤᠲᠠᠭᠤᠳᠠᠯ ᠲᠠᠢ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠳᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ | ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠲᠦᠷᠭᠡᠳᠬᠡᠨ᠂ ᠠᠵᠤ ᠦᠢᠯᠡᠰ ᠤᠨ ᠬᠡᠯᠬᠢᠶ᠎ᠡ ᠪᠥᠭᠡᠮᠨᠡᠷᠡᠵᠦ | ᠪᠦᠯᠦᠭᠵᠢᠯ ᠪᠤᠯᠬᠤ ᠪᠠ ᠠᠭᠤᠰᠤᠯᠴᠠᠨ ᠬᠥᠭᠵᠢᠬᠦ ᠶᠢ ᠠᠬᠢᠭᠤᠯᠤᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠭᠤᠣᠯ ᠲᠤᠯᠭᠠᠭᠤᠷᠢ ᠦᠢᠯᠡᠳᠦᠯ ᠦᠵᠡᠭᠦᠯᠭᠦ ᠶᠢ ᠠᠬᠢᠭᠤᠯᠤᠨ᠎ᠠ᠃ | — ᠢᠷᠡᠭᠡᠳᠦᠢ ᠶᠢᠨ ᠠᠵᠤ ᠦᠢᠯᠡᠰ ᠢ ᠪᠠᠷᠠᠯᠠᠯᠳᠤ ᠴᠢᠨᠠᠷᠲᠠᠢ ᠪᠠᠷ ᠪᠠᠶᠢᠷᠢᠰᠢᠭᠤᠯᠤᠨ᠎ᠠ᠃ ᠦᠵᠦ ᠲᠥᠯᠥᠪᠯᠡᠭᠡ | ᠬᠢᠬᠦ ᠪᠠ ᠲᠥᠯᠥᠪᠵᠢᠭᠦᠯᠦᠨ ᠪᠠᠶᠢᠷᠢᠰᠢᠭᠤᠯᠬᠤ ᠶᠢ ᠴᠢᠩᠭᠠᠳᠬᠠᠨ᠂ ᠢᠷᠡᠭᠡᠳᠦᠢ ᠶᠢᠨ ᠠᠵᠤ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠳᠤᠨᠢ | ᠵᠣᠬᠢᠴᠠᠭᠤᠯᠤᠨ ᠲᠦᠷᠦᠯ ᠬᠤᠪᠢᠶᠠᠨ ᠵᠢᠯᠤᠭᠤᠳᠬᠤ ᠶᠢ ᠪᠠᠷᠢᠮᠲᠠᠯᠠᠵᠤ ᠢᠷᠡᠭᠡᠳᠦᠢ ᠶᠢᠨ ᠠᠵᠤ ᠦᠢᠯᠡᠰ ᠢ ᠴᠣᠭᠴᠠᠯᠠᠨ᠂ | ︽ᠰᠠᠶᠢᠨ ᠣᠷᠣᠨ ᠪᠠᠶᠢᠷᠢ ᠶᠢ ᠡᠵᠡᠯᠡᠨ ᠬᠥᠭᠵᠢᠬᠦ᠂ ᠤᠯᠠᠨ ᠴᠡᠭ ᠠᠴᠠ ᠰᠢᠪᠲᠤᠯᠤᠯᠲᠠ ᠬᠢᠬᠦ︾ ᠶᠢ | ᠪᠡᠶᠡᠯᠡᠭᠦᠯᠬᠦ ᠪᠠᠷ ᠴᠢᠷᠮᠠᠶᠢᠨ᠎ᠠ᠃ | ᠰᠢᠨ᠎ᠡ ᠠᠶᠠᠨ ᠳᠤ ᠪᠢᠳᠡᠨ ᠤ ᠢᠷᠡᠭᠡᠳᠦᠢ ᠭᠡᠭᠡᠨ ᠰᠠᠷᠠᠭᠤᠯ ᠶᠤᠮᠰᠠᠨ᠃ ᠢᠷᠡᠭᠡᠳᠦᠢ ᠶᠢ ᠪᠠᠷᠠᠯᠠᠬᠤᠶ᠎ᠠ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠡᠭᠦᠷᠭᠡ ᠬᠦᠨᠳᠦ ᠵᠠᠮ ᠬᠤᠯᠠ | ᠪᠠᠶᠢᠭᠰᠠᠭᠠᠷ᠂ ᠡᠷᠬᠡᠪᠰᠢ ᠰᠢᠨᠲᠠᠷᠠᠰᠢ ᠦᠭᠡᠢ ᠴᠢᠷᠮᠠᠶᠢᠬᠤ ᠲᠡᠰᠪᠦᠷᠢ ᠲᠡᠪᠴᠢᠶᠡᠷᠢ ᠪᠠ ᠠᠮᠵᠢᠯᠲᠠ ᠳᠤ ᠳᠥᠬᠦᠬᠦ | ᠳᠤᠳᠤᠮ ᠪᠣᠯᠭᠤᠮᠵᠢᠯᠠᠬᠤ ᠰᠡᠷᠭᠡᠭ ᠲᠠᠨᠢᠯᠲᠠ ᠪᠠᠷ ᠦᠷᠭᠦᠯᠵᠢᠯᠡᠨ ᠳᠠᠪᠠᠭ᠎ᠠ ᠳᠠᠪᠠᠨ ᠪᠣᠭᠤᠮᠲᠠ ᠰᠢᠪᠲᠤᠯᠵᠤ᠂ | ᠵᠣᠷᠢᠭᠲᠠᠢ ᠪᠠᠷ ᠵᠢᠳᠬᠦᠨ ᠦᠨᠡᠨ ᠪᠣᠳᠠᠲᠠᠢ ᠠᠵᠢᠯᠯᠠᠵᠤ᠂ ᠰᠢᠨ᠎ᠡ ᠠᠭᠤᠤ ᠶᠡᠭᠡ ᠲᠡᠮᠡᠴᠡᠯ ᠢᠶᠠᠷ ᠰᠢᠨ᠎ᠡ ᠠᠤᠭ᠎ᠠ | ᠦᠢᠯᠡᠰ ᠢ ᠪᠦᠲᠦᠭᠡᠬᠦ ᠬᠡᠷᠡᠭᠲᠡᠢ᠃ | |