ᠥᠪᠥᠷ ᠮᠣᠩᠭᠤᠯ ᠤᠨ ᠨᠢᠭᠡᠨ ᠭᠠᠵᠠᠷ ᠤᠨ ᠪᠠᠭ᠎ᠠ ᠰᠤᠷᠭᠠᠭᠤᠯᠢ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠶᠢ 15 ᠮᠢᠨᠦ᠋ᠲ ᠪᠤᠯᠭᠠᠨ ᠤᠷᠲᠤᠳᠬᠠᠪᠠ︕
ᠨᠡᠶᠢᠲᠡᠯᠡᠭᠰᠡᠨ ᠴᠠᠭ᠄
2024/9/9
    ᠣᠶᠢᠷ᠎ᠠ ᠳᠤ ᠵᠡᠭᠦᠨᠭᠠᠷ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠳᠤᠯᠤᠨ ᠮᠠᠭᠠᠳᠯᠠᠬᠤ ᠪᠠᠷ ᠳᠡᠮᠵᠢᠨ᠂ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭ᠎ᠠ ᠰᠤᠷᠭᠠᠭᠤᠯᠢ ᠶᠢᠨ ᠰᠤᠷᠤᠯᠭ᠎ᠠ ᠶᠢᠨ ᠱᠠᠲᠤᠨ ᠤ ᠰᠤᠷᠭᠠᠭᠤᠯᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠢᠴᠢᠶᠡᠯ ᠤᠨ ᠬᠤᠭᠤᠷᠣᠨᠳᠣᠬᠢ ᠲᠣᠬᠢᠷᠠᠭᠤᠯᠤᠯᠲᠠ ᠶᠢ ᠪᠦᠬᠦᠯᠢ ᠴᠣᠭᠴᠠ ᠪᠠᠷ ᠨᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠵᠠᠷᠴᠢᠮ ᠳᠡᠭᠡᠷ᠎ᠡ ᠪᠠᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ 15 ᠮᠢᠨᠦ᠋ᠲ ᠪᠤᠯᠭᠠᠨ ᠤᠷᠳᠤᠳᠬᠠᠪᠡ᠂ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠰᠢᠯᠢᠳᠡᠭᠵᠢᠭᠦᠯᠦᠨ ᠲᠣᠬᠢᠷᠠᠭᠤᠯᠤᠭᠰᠠᠨ ᠤ ᠳᠠᠷᠠᠭ᠎ᠠ ᠪᠠᠭ᠎ᠠ ᠰᠤᠷᠭᠠᠭᠤᠯᠢ ᠶᠢᠨ ᠱᠠᠲᠤᠨ ᠤ ᠰᠤᠷᠤᠬᠴᠢ ᠶᠢᠨ ᠦᠳᠡ ᠶᠢᠨ ᠡᠮᠦᠨ᠎ᠡ ᠰᠤᠷᠭᠠᠭᠤᠯᠢ ᠳᠤ ᠬᠦᠷᠬᠦ᠂ ᠦᠳᠡ ᠶᠢᠨ ᠬᠤᠶᠢᠨ᠎ᠠ ᠰᠤᠷᠭᠠᠭᠤᠯᠢ ᠲᠠᠷᠬᠠᠬᠤ ᠪᠠ ᠦᠳᠡ ᠳᠤ ᠠᠮᠠᠷᠠᠬᠤ ᠦᠳᠡ ᠳᠤ ᠬᠤᠭᠤᠯᠨ ᠢᠳᠡᠬᠦ ᠴᠠᠭ ᠢ ᠬᠤᠪᠢᠷᠠᠭᠤᠯᠬᠤ ᠥᠬᠡᠶ᠃ ᠡᠭᠦᠨ ᠤ ᠵᠣᠷᠢᠯᠭ᠎ᠠ ᠨᠢ ᠨᠠᠩ ᠠᠭᠤᠵᠢᠭᠤ ᠲᠠᠯᠪᠢᠭᠤ ᠬᠢᠴᠢᠶᠡᠯ ᠤᠨ ᠵᠠᠪᠰᠠᠷᠯᠠᠭ᠎ᠠ ᠶᠢᠨ ᠴᠠᠭ ᠬᠠᠩᠭᠠᠵᠤ᠂ ᠪᠠᠭᠰᠢ ᠰᠤᠷᠤᠭᠴᠢᠳ ᠤᠨ ᠬᠢᠴᠢᠶᠡᠯ ᠤᠨ ᠬᠡᠷ ᠠᠴᠠ ᠪᠠᠨ ᠭᠠᠷᠴᠤ᠂ ᠭᠠᠳᠠᠨ᠎ᠠ ᠭᠠᠷᠴᠤ᠂ ᠨᠡᠷᠡᠨ ᠤ ᠬᠡᠷᠡᠯ ᠳᠤ ᠡᠭᠡᠭᠳᠡᠵᠦ᠂ ᠨᠠᠩ ᠡᠷᠡᠭᠦᠯ ᠴᠢᠭᠢᠷᠠᠭ ᠠᠮᠢᠵᠢᠷᠠᠯ ᠤᠨ ᠬᠦᠴᠦᠨ ᠲᠠᠢ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠡᠳ᠋ᠯᠡᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号