— ᠬᠥᠪᠡᠭᠡᠲᠥ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠱᠥᠵᠢ ᠬᠤᠪᠢᠰᠬᠠᠯᠲᠤ ᠶᠢ | ᠰᠤᠷᠪᠤᠯᠵᠢᠯᠠᠭᠰᠠᠨ ᠨᠢ | | ᠨᠠᠮ ᠤᠨ ᠬᠤᠷᠢᠲᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠲᠤᠭᠠᠷ ᠪᠥᠬᠦᠲᠡ ᠬᠤᠷᠠᠯ ᠨᠢ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠥᠨᠵᠡᠭᠡᠶᠢᠷᠡᠬᠦᠯᠬᠦ᠂ ᠲᠤᠮᠲᠠᠲᠤ ᠤᠯᠤᠰ ᠤᠨ | ᠮᠠᠶ᠋ᠢᠭ ᠤᠨ ᠤᠲᠤᠬᠢᠴᠢᠯᠠᠯᠲᠠ ᠶᠢ ᠠᠬᠢᠭᠤᠯᠬᠤ ᠳᠤ ᠪᠠᠶᠢᠷᠢᠯᠠᠭᠤᠯᠤᠯᠲᠠ ᠬᠢᠵᠡᠢ᠃ ᠤᠶᠢᠷ᠎ᠠ ᠶᠢᠨ ᠡᠲᠥᠷ᠂ ᠬᠥᠪᠡᠭᠡᠲᠥ | ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠱᠥᠵᠢ ᠬᠤᠪᠢᠰᠬᠠᠯᠲᠤ ᠲᠤᠰᠬᠠᠢ ᠰᠤᠷᠪᠤᠯᠵᠢᠯᠠᠭ᠎ᠠ ᠬᠥᠯᠢᠶᠡᠬᠦ ᠳᠡᠭᠡᠨ᠂ | ᠲᠤᠰ ᠬᠤᠰᠢᠭᠤ ᠨᠠᠮ ᠤᠨ ᠬᠤᠷᠢᠲᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠲᠤᠭᠠᠷ ᠪᠥᠬᠦᠲᠠ ᠬᠤᠷᠠᠯ ᠤᠨ | ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠲᠤᠬᠠᠨ ᠪᠠ ᠬᠤᠶᠢᠰᠢᠲᠠ ᠶᠢᠨ ᠨᠢᠭᠡ ᠬᠤᠭᠤᠴᠠᠭᠠᠨ ᠤ | ᠨᠢᠭᠡ ᠵᠥᠢᠯ ᠤᠨ ᠴᠢᠬᠤᠯᠠ ᠤᠯᠤᠰ ᠲᠥᠷᠥ ᠶᠢᠨ ᠡᠬᠦᠷᠭᠡ ᠪᠤᠯᠭᠠᠵᠥ᠂ ᠨᠠᠮ ᠤᠨ ᠲᠥᠪ ᠬᠤᠷᠢᠶᠠᠨ ᠤ ᠰᠶᠢᠳᠪᠤᠷᠢᠲᠤ | ᠪᠤᠲᠤᠯᠭ᠎ᠠ ᠶᠢᠨ ᠪᠠᠶᠢᠷᠢᠯᠠᠭᠤᠯᠤᠯᠲᠠ ᠪᠤᠯᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶᠠᠨ ᠤ ᠠᠵᠢᠯ ᠤᠨ ᠱᠠᠭᠠᠷᠲᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠲᠠᠪᠤᠷᠢᠵᠢᠭᠤᠯᠵᠥ᠂ | ᠨᠢᠭᠡ ᠭᠤᠤᠯ ᠰᠢᠵᠢᠮ ᠢᠶᠠᠷ ᠲᠤᠭᠤᠰᠢᠯᠠᠭᠤᠯᠬᠤ᠂ ︽ᠬᠤᠶᠠᠷ ᠶᠡᠭᠡ ᠶᠠᠪᠤᠲᠠᠯ︾ ᠢ ᠰᠠᠶᠢᠲᠤᠷ ᠬᠢᠬᠦ᠂ ︽ᠵᠢᠷᠭᠤᠭᠠᠨ | ᠶᠡᠭᠡ ᠢᠨᠵᠧᠨᠧᠷᠢᠩ︾ ᠢ ᠬᠡᠷᠡᠭᠵᠢᠬᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠬᠦᠯᠬᠦ ᠲᠤᠭᠤᠷᠢᠨ ᠳᠤ᠂ | ᠬᠤᠰᠢᠭᠤᠨ ᠤ ᠪᠤᠲᠠᠲᠤ ᠪᠠᠶᠢᠲᠠᠯ ᠲᠠᠢ ᠨᠢᠭᠲᠠ ᠤᠶᠠᠯᠲᠤᠭᠤᠯᠤᠨ ᠬᠡᠯᠬᠢᠶᠡᠵᠢᠯ ᠤᠨ ᠰᠡᠳᠬᠢᠬᠦᠢ ᠪᠠᠷ ᠬᠥᠲᠡᠯᠭᠡᠬᠦ | ᠬᠥᠴᠥᠨ ᠪᠤᠯᠭᠠᠵᠥ᠂ ᠤᠲᠤᠬᠢᠴᠢᠯᠠᠭᠰᠠᠨ ᠠᠵᠤ ᠥᠢᠯᠡᠰ ᠤᠨ ᠰᠢᠰᠲ᠋ᠧᠮ ᠢ ᠪᠥᠷᠢᠯᠲᠥᠬᠦᠯᠵᠥ᠂ ᠴᠢᠨᠠᠷ ᠰᠠᠶᠢᠲᠠᠢ | ᠬᠥᠭᠵᠢᠯᠲᠡ ᠳᠤ ᠬᠥᠲᠡᠯᠭᠡᠭᠴᠢ ᠬᠥᠴᠥᠨ ᠬᠤᠷᠠᠮᠲᠤᠭᠤᠯᠤᠨᠠ ᠬᠡᠵᠥ ᠢᠯᠡᠷᠭᠡᠶᠢᠯᠡᠪᠡ᠃ | ᠨᠢᠭᠡᠲᠥᠭᠡᠷ ᠠᠵᠤ ᠥᠢᠯᠡᠰ ᠲᠤ᠂ ᠪᠥᠲᠥᠴᠡ ᠶᠢᠨ ᠥᠭᠡᠷᠡᠴᠢᠯᠡᠯᠲᠡ ᠶᠢ ᠲᠤᠪᠤᠶᠢᠯᠭᠠᠵᠥ᠂ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ᠂ ᠬᠡᠯᠬᠢᠶᠡᠵᠢᠯ ᠢ ᠴᠢᠩᠭᠠᠳᠬᠠᠵᠥ ᠥᠷ᠎ᠠ ᠠᠰᠢᠭ ᠵ᠊ ᠨᠡᠮᠡᠭᠲᠡᠬᠦᠯᠪᠡ᠃ | ᠰᠢᠨ᠎ᠠ ᠬᠥᠭᠵᠢᠯᠲᠡ ᠶᠢᠨ ᠤᠶᠢᠯᠠᠭᠠᠭᠲᠠᠬᠤᠨ ᠢ ᠬᠥᠨᠵᠡᠭᠡᠢ ᠲᠤᠭᠤᠰᠢᠯᠠᠭᠤᠯᠤᠨ᠂ ᠴᠠᠬᠠᠷ ᠬᠤᠨᠢ ᠪᠤᠯᠤᠨ ᠴᠠᠭᠠᠨ | ᠢᠲᠡᠭᠡᠨ ᠤ ᠠᠵᠤ ᠥᠢᠯᠡᠰ ᠢ ᠶᠡᠬᠡᠪᠡᠷ ᠬᠥᠭᠵᠢᠬᠦᠯᠵᠥ᠂ ᠮᠠᠯ ᠰᠥᠷᠥᠭ ᠤᠨ ᠪᠥᠲᠥᠴᠡ ᠪᠤᠯᠤᠨ ᠠᠵᠤ ᠥᠢᠯᠡᠰ ᠤᠨ | ᠪᠥᠲᠥᠴᠡ ᠶᠢ ᠲᠠᠰᠤᠷᠠᠯᠲᠠ ᠥᠭᠡᠢ ᠰᠢᠯᠢᠲᠡᠭᠵᠢᠬᠦᠯᠵᠥ᠂ ᠴᠠᠬᠠᠷ ᠬᠤᠨᠢᠨ ᠤ ᠪᠤᠲᠠᠭᠠᠯᠢ ᠪᠡᠶ᠎ᠠ ᠶᠢᠨ ᠴᠢᠨᠠᠷᠵᠢᠯ ᠪᠤᠯᠤᠨ | ᠰᠥᠷᠥᠭ ᠤᠨ ᠥᠢᠯᠡᠳᠬᠦᠨ ᠤ ᠥᠷᠲᠡᠭ ᠢ ᠲᠡᠭᠡᠭᠰᠢᠯᠡᠬᠦᠯᠵᠥ᠂ ᠴᠠᠬᠠᠷ ᠬᠤᠨᠢᠨ ᠤ ᠲᠤᠭ᠎ᠠ 22 ᠲᠥᠮᠡ ᠭᠠᠷᠤᠢ | ᠬᠥᠷᠴᠡᠢ᠃ ᠴᠠᠬᠠᠷ ᠬᠤᠨᠢᠨ ᠤ ᠪᠥᠬᠦ ᠠᠵᠤ ᠥᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢ ᠠᠬᠢᠭᠤᠯᠵᠥ᠂ | ᠬᠡᠪᠴᠢᠶᠡᠵᠢᠬᠦᠯᠥᠨ ᠮᠠᠯᠵᠢᠬᠤ᠂ ᠮᠢᠬᠠᠨ ᠤ ᠬᠤᠨᠢ ᠶᠢ ᠨᠠᠷᠢᠯᠢᠭ ᠬᠥᠨᠵᠡᠭᠡᠢ ᠡᠳ᠋ᠰᠢᠬᠦᠯᠬᠦ᠂ ᠬᠥᠢᠲᠡᠨ ᠢᠶᠠᠷ ᠬᠠᠲᠠᠭᠠᠯᠠᠵᠥ | ᠰᠤᠷᠭᠤᠭ ᠢ ᠪᠠᠲᠤᠯᠠᠬᠤ ᠵᠡᠷᠭᠡ ᠢᠨᠵᠧᠨᠧᠷᠢᠩ ᠵᠢᠴᠢ ᠬᠠᠷᠠᠭᠠᠯᠵᠠᠭᠰᠠᠨ ᠢᠵᠢ ᠪᠥᠷᠢᠲᠥᠬᠦᠯᠬᠦ ᠰᠠᠭᠤᠷᠢ | ᠲᠥᠭᠦᠭᠡᠷᠥᠮᠵᠢ ᠶᠢ ᠵᠠᠯᠭᠠᠪᠠᠷ ᠪᠥᠲᠥᠭᠡᠨ ᠪᠠᠶᠢᠭᠤᠯᠪᠠ᠃ ᠡᠨᠡ ᠰᠠᠭᠤᠷᠢᠨ ᠲᠡᠭᠡᠷ᠎ᠠ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠠᠵᠤ ᠥᠢᠯᠡᠰ ᠤᠨ ᠬᠥᠭᠵᠢᠯᠲᠡ ᠶᠢ ᠠᠬᠢᠭᠤᠯᠵᠥ᠂ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ | ᠮᠠᠯ ᠠᠵᠤ ᠠᠬᠤᠢ ᠶᠢᠨ ᠲᠡᠭᠡᠲᠥ ᠰᠤᠷᠭᠠᠭᠤᠯᠢ ᠲᠠᠢ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠥ᠂ ᠥᠪᠡᠷᠲᠡᠭᠡᠨ | ᠵᠠᠰᠠᠬᠤ ᠤᠷᠤᠨ ᠤ ᠲᠡᠰ ᠤᠨ ᠴᠠᠬᠠᠷ ᠬᠤᠨᠢᠨ ᠤ ᠥᠷ᠎ᠠ ᠶᠢᠨ ᠮᠠᠯ ᠤᠨ ᠲᠠᠯᠠᠪᠠᠢ ᠳᠤ ᠲᠥᠰᠢᠭᠯᠡᠨ ᠴᠠᠬᠠᠷ ᠬᠤᠨᠢᠨ ᠤ | ᠲᠤᠮᠤ ᠳ᠋ᠠᠶᠢᠲ᠋ᠠ ᠶᠢᠨ ᠢᠨᠵᠧᠨᠧᠷᠢᠩ ᠤᠨ ᠰᠤᠲᠤᠯᠭᠠᠨ ᠤ ᠲᠥᠪ ᠪᠠᠶᠢᠭᠤᠯᠵᠥ᠂ ᠥᠷ᠎ᠠ ᠶᠢᠨ ᠬᠤᠨᠢᠨ ᠤ | ᠲᠤᠤᠷᠴᠢᠯᠠᠭᠰᠠᠨ ᠮᠥᠷᠲᠡᠨ ᠨᠡᠭᠡᠮᠵᠢᠯᠡᠬᠦ ᠰᠢᠰᠲ᠋ᠧᠮ᠂ ᠤᠶᠤᠨᠴᠢᠯᠠᠭᠰᠠᠨ ᠠᠷᠭ᠎ᠠ ᠪᠠᠷ ᠡᠬᠦᠯᠲᠡᠷ ᠪᠤᠶᠢᠵᠢᠭᠤᠯᠬᠤ᠂ | ᠲᠤᠭᠠᠴᠢᠯᠠᠭᠰᠠᠨ ᠠᠷᠭ᠎ᠠ ᠪᠠᠷ ᠥᠢᠯᠡᠳᠪᠤᠷᠢᠯᠡᠬᠦ ᠳᠤ ᠪᠠᠲᠤᠯᠠᠭ᠎ᠠ ᠬᠠᠨᠭ᠍ᠭᠠᠵᠠᠢ᠃ ᠤᠯᠤᠰ ᠤᠨ ᠴᠠᠭᠠᠨ ᠢᠲᠡᠭᠡᠨ ᠤ | ᠥᠢᠯᠡᠰ ᠤᠨ ᠬᠥᠭᠵᠢᠯᠲᠡ ᠶᠢᠨ ᠲᠤᠬᠢᠶᠠᠯ ᠢ ᠠᠳᠬᠤᠨ᠂ ︽ᠰᠢᠯᠢ ᠶᠢᠨ ᠭᠤᠤᠯ ᠴᠠᠭᠠᠨ ᠢᠲᠡᠭᠡᠨ︾ ᠤ | ᠬᠥᠭᠵᠢᠯᠲᠡ ᠳᠤ ᠵᠤᠬᠢᠴᠠᠭᠤᠯᠤᠨ ︽5 + 2︾ ᠰᠢᠨ᠎ᠠ ᠶᠢ ᠡᠬᠦᠲᠥᠨ ᠬᠥᠭᠵᠢᠬᠦ ᠲᠤᠭᠲᠠᠴᠠ ᠶᠢ ᠬᠡᠷᠡᠭᠯᠡᠵᠥ᠂ ︽ | ᠮᠠᠯᠵᠢᠬᠤ᠂ ᠬᠠᠨᠭ᠍ᠭᠠᠬᠤ᠂ ᠡᠳ᠋ᠰᠢᠬᠦᠯᠥᠨ ᠪᠤᠯᠪᠠᠰᠤᠷᠠᠭᠤᠯᠬᠤ᠂ ᠪᠠᠶᠢᠴᠠᠭᠠᠬᠤ᠂ ᠪᠤᠷᠤᠯᠠᠭᠤᠯᠬᠤ︾ ᠪᠥᠬᠦ ᠠᠵᠤ | ᠥᠢᠯᠡᠰ ᠤᠨ ᠬᠡᠯᠬᠢᠶᠡᠵᠢᠯ ᠤᠨ ᠬᠥᠭᠵᠢᠯᠲᠡ ᠶᠢᠨ ᠪᠠᠶᠢᠲᠠᠯ ᠢ ᠪᠥᠷᠢᠯᠲᠥᠬᠦᠯᠪᠡ᠃ ᠤᠲᠤᠬᠠᠨ ᠴᠠᠭᠠᠨ ᠢᠲᠡᠭᠡᠨ ᠤ | ᠪᠥᠲᠥᠭᠡᠭᠲᠡᠬᠦᠨ ᠪᠤᠯᠪᠠᠰᠤᠷᠠᠭᠤᠯᠬᠤ SC ᠠᠵᠤ ᠠᠬᠤᠶᠢᠯᠠᠯ 3᠂ ᠲᠠᠩᠰᠠᠯᠠᠭᠤᠯᠤᠭᠰᠠᠨ ᠭᠠᠷ ᠥᠢᠯᠡᠳᠭᠡᠯ ᠤᠨ | ᠭᠠᠵᠠᠷ 200 ᠰᠢᠬᠠᠮ ᠪᠠᠶᠢᠵᠥ᠂ ᠰᠢᠯᠢ ᠶᠢᠨ ᠭᠤᠤᠯ ᠤᠨ ᠴᠠᠭᠠᠨ ᠢᠲᠡᠭᠡᠨ ᠤ ᠤᠷᠤᠨ ᠪᠥᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠥ ᠲᠡᠮᠲᠡᠭ ᠤᠨ ᠡᠷᠭᠡ ᠤᠯᠭᠤᠭᠰᠠᠨ ᠭᠤᠤᠯ ᠴᠤᠭᠴᠠ 27 ᠪᠤᠯᠵᠥ᠂ ᠪᠥᠬᠦ ᠠᠵᠤ ᠥᠢᠯᠡᠰ ᠤᠨ | ᠬᠡᠯᠬᠢᠶᠡᠵᠢᠯ ᠤᠨ ᠵᠢᠯ ᠤᠨ ᠭᠠᠷᠤᠯᠲᠠ ᠶᠢᠨ ᠥᠷᠲᠡᠭ 1 ᠳ᠋ᠥᠡᠭᠰᠢᠭᠤᠷ ᠲᠥᠬᠦᠷᠢᠭ ᠢ ᠲᠠᠪᠠᠵᠥ᠂ ᠲᠤᠰ ᠠᠵᠢᠯ | ᠲᠥᠷᠥᠯ ᠳᠤ 3000 ᠭᠠᠷᠤᠢ ᠬᠥᠮᠥᠨ ᠢ ᠲᠠᠭᠠᠭᠤᠯᠤᠨ ᠤᠷᠤᠯᠴᠠᠭᠤᠯᠵᠥ᠂ ᠠᠷᠠᠳ ᠢ ᠴᠢᠨᠡᠭᠡᠯᠢᠭᠵᠢᠬᠦᠯᠬᠦ ᠠᠵᠤ | ᠥᠢᠯᠡᠰ ᠪᠤᠯᠤᠭᠰᠠᠨ ᠪᠠᠶᠢᠨ᠎ᠠ᠃ ᠲᠠᠷᠠᠭᠠᠴᠢ ᠪᠠᠷ᠂ ᠲᠤᠰ ᠬᠤᠰᠢᠭᠤ ᠠᠵᠤ ᠥᠢᠯᠡᠰ ᠤᠨ ᠬᠡᠪᠴᠢᠶᠡᠵᠢᠯ ᠢ | ᠲᠤᠭᠲᠠᠪᠤᠷᠢᠵᠢᠭᠤᠯᠬᠤ᠂ ᠪᠥᠲᠥᠭᠡᠭᠲᠡᠬᠦᠨ ᠤ ᠴᠢᠨᠠᠷᠵᠢᠯ ᠢ ᠲᠡᠭᠡᠭᠰᠢᠯᠡᠬᠦᠯᠬᠦ᠂ ᠠᠵᠤ ᠥᠢᠯᠡᠰ ᠤᠨ ᠬᠡᠯᠬᠢᠶᠡᠵᠢᠯ ᠢ | ᠤᠷᠲᠤᠳᠬᠠᠬᠤ ᠲᠡᠭᠡᠷ᠎ᠠ ᠬᠥᠴᠥ ᠲᠠᠯᠪᠢᠵᠥ᠂ ᠴᠠᠬᠠᠷ ᠬᠤᠨᠢ ᠪᠠ ᠴᠠᠭᠠᠨ ᠢᠲᠡᠭᠡᠨ ᠤ ᠠᠵᠤ ᠥᠢᠯᠡᠰ ᠤᠨ ᠪᠤᠲᠠᠲᠤ | ᠬᠥᠴᠥᠨ ᠢ ᠲᠠᠰᠤᠷᠠᠯᠲᠠ ᠥᠭᠡᠢ ᠴᠢᠩᠭᠠᠳᠬᠠᠨ᠎ᠠ᠃ | ᠬᠤᠶᠠᠲᠤᠭᠠᠷ ᠠᠵᠤ ᠥᠢᠯᠡᠰ ᠲᠤ᠂ ᠰᠢᠨ᠎ᠠ ᠬᠥᠲᠡᠯᠭᠡᠭᠴᠢ ᠬᠥᠴᠥᠨ ᠨᠡᠮᠡᠷᠢᠯᠡᠵᠥ᠂ ᠯᠢᠲ᠋ᠢ ᠶᠢᠨ ᠠᠵᠤ ᠥᠢᠯᠡᠰ ᠤᠨ | ᠬᠡᠪᠴᠢᠶ᠎ᠠ ᠶᠢ ᠥᠷᠭᠡᠳᠭᠡᠵᠥ ᠴᠢᠨᠠᠷᠵᠢᠯ ᠢ ᠲᠡᠭᠡᠭᠰᠢᠯᠡᠬᠦᠯᠵᠤ᠂ ᠬᠡᠯᠬᠢᠶᠡᠵᠢᠯ ᠢ ᠤᠷᠲᠤᠳᠬᠠᠪᠠ᠃ ᠬᠤᠪᠤᠷ ᠴᠤᠬᠠᠭ | ᠲᠡᠮᠦᠷᠯᠢᠭ ᠤᠨ ᠡᠬᠢ ᠪᠠᠶᠠᠯᠢᠭ ᠲᠠᠭᠠᠨ ᠰᠠᠭᠤᠷᠢᠯᠠᠨ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠠ ᠪᠠᠷ ᠬᠥᠭᠵᠢᠭᠰᠡᠨ | ᠠᠵᠤ ᠥᠢᠯᠡᠰ ᠢ ᠬᠥᠭᠵᠢᠬᠦᠯᠥᠨ ᠪᠤᠵᠠᠭᠠᠶᠢᠷᠠᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠥ᠂ ᠲᠤᠬᠠᠢ ᠶᠢᠨ | ᠭᠠᠵᠠᠷ ᠤᠨ ᠪᠤᠲᠠᠲᠤ ᠪᠠᠶᠢᠲᠠᠯ ᠳᠠᠭᠠᠨ ᠲᠤᠬᠢᠷᠠᠭᠤᠯᠤᠨ ᠰᠢᠨ᠎ᠠ ᠴᠢᠨᠠᠷ ᠪᠥᠬᠦᠢ ᠥᠢᠯᠡᠳᠪᠤᠷᠢᠯᠡᠯ ᠤᠨ ᠬᠥᠴᠥᠨ ᠢ | ᠬᠥᠭᠵᠢᠬᠦᠯᠵᠥ᠂ ︽ᠯᠢᠲ᠋ᠢ︾ ᠪᠠᠷ ᠬᠡᠯᠬᠢᠶᠡᠵᠢᠯ ᠪᠤᠯᠭᠠᠨ ᠨᠢᠭᠡᠲᠥᠯᠲᠡᠢ ᠲᠥᠯᠥᠪᠵᠢᠬᠦᠯᠵᠥ᠂ ᠠᠷᠠᠯᠵᠢᠶᠠᠴᠢᠨ ᠤᠷᠢᠵᠥ᠂ | ᠲᠥᠪᠯᠡᠷᠡᠩᠭᠦᠢ ᠰᠢᠪᠲᠤᠯᠤᠯᠲᠠ ᠬᠢᠵᠠᠢ᠃ ᠲᠡᠭᠡᠲᠥ ᠤᠷᠤᠰᠬᠠᠯ ᠨᠢ ᠨᠢᠥᠪᠢ ᠲᠠᠨᠲ᠋ᠠᠯ ᠯᠢᠲ᠋ᠢ ᠶᠢᠨ ᠠᠭᠤᠷᠬᠠᠢ ᠶᠢᠨ | ᠭᠠᠷᠤᠯᠲᠠ ᠰᠤᠩᠭᠤᠨ ᠮᠠᠯᠲᠠᠬᠤ᠂ ᠲᠤᠮᠲᠠ ᠤᠷᠤᠰᠬᠠᠯ ᠨᠢ ᠨᠡᠬᠦᠷᠡᠰᠥᠬᠦ᠋ᠴᠢᠯ ᠤᠨ ᠯᠢᠲ᠋ᠢ ᠪᠤᠯᠪᠠᠰᠤᠷᠠᠭᠤᠯᠬᠤ ᠪᠤᠯᠤᠨ | ᠹᠤᠰᠹᠤᠷ ᠬᠥᠴᠢᠯ ᠤᠨ ᠲᠡᠮᠥᠷ ᠯᠢᠲ᠋ᠢ ᠶᠢᠨ ᠠᠷᠭ᠎ᠠ ᠲᠥᠢᠯ ᠤᠨ ᠮᠠᠲ᠋ᠧᠷᠢᠶᠠᠯ ᠡᠳ᠋ᠰᠢᠬᠦᠯᠬᠦ᠂ ᠲᠤᠤᠷᠠᠲᠤ ᠤᠷᠤᠰᠬᠠᠯ ᠨᠢ | ᠴᠠᠬᠢᠯᠭᠠᠨ ᠭᠤᠤᠯ᠂ ᠯᠢᠲ᠋ᠢ ᠴᠠᠬᠢᠯᠭᠠᠨ ᠴᠡᠨᠡᠭ ᠤᠨ ᠵᠠᠬᠪᠤᠷ ᠪᠥᠯᠥᠭ᠂ ᠴᠠᠬᠢᠯᠭᠠᠨ ᠴᠡᠨᠡᠭ ᠤᠨ ᠬᠠᠮᠢᠶᠠᠷᠤᠯᠲᠠ ᠶᠢᠨ | ᠰᠰᠲ᠋ᠧᠮ᠂ ᠡᠨᠤᠷᠬᠢ ᠬᠠᠲᠠᠭᠠᠯᠠᠬᠤ ᠶᠢ ᠨᠢᠭᠡ ᠴᠤᠭᠴᠠᠵᠢᠭᠤᠯᠤᠭᠰᠠᠨ ᠯᠢᠲ᠋ᠢ ᠶᠢᠨ ᠡᠬᠢ ᠪᠠᠶᠠᠯᠢᠭ ᠤᠨ ᠪᠥᠬᠦ ᠠᠵᠤ | ᠥᠢᠯᠡᠰ ᠤᠨ ᠬᠡᠯᠬᠢᠶᠡᠵᠢᠯ ᠢ ᠢᠲᠡᠪᠬᠢᠲᠡᠢ ᠲᠥᠯᠥᠪᠵᠢᠬᠦᠯᠪᠡ᠃ ᠯᠢᠲ᠋ᠢ ᠶᠢᠨ ᠡᠬᠢ ᠪᠠᠶᠠᠯᠢᠭ ᠢ ᠶᠡᠷᠥᠩᠭᠡᠶᠢᠯᠡᠨ | ᠠᠰᠢᠭᠯᠠᠬᠤ ᠲᠥᠷᠥᠯ ᠵᠥᠢᠯ ᠢ ᠠᠬᠢᠭᠤᠯᠬᠤ ᠲᠤᠰᠬᠠᠢ ᠠᠩᠭᠢ ᠪᠠᠶᠢᠭᠤᠯᠤᠨ ᠰᠠᠨᠠᠭᠠᠴᠢᠯᠠᠭᠠᠲᠠᠢ ᠪᠠᠷ ᠥᠢᠯᠡᠴᠢᠯᠡᠵᠥ᠂ | ᠠᠵᠤ ᠥᠢᠯᠡᠰ ᠤᠨ ᠬᠡᠯᠬᠢᠶᠡᠵᠢᠯ ᠤᠨ ᠲᠡᠭᠡᠲᠥ ᠲᠤᠤᠷᠠᠲᠤ ᠤᠷᠤᠰᠬᠠᠯ ᠤᠨ ᠨᠢᠭᠡ ᠪᠥᠯᠥᠭ ᠭᠤᠤᠯᠲᠠᠯᠭ᠎ᠠ ᠲᠠᠢ | ᠲᠥᠷᠥᠯ ᠵᠥᠢᠯ ᠢ ᠵᠠᠯᠭᠠᠪᠠᠷ ᠨᠤᠲᠤᠭᠰᠢᠭᠤᠯᠵᠥ᠂ ᠪᠥᠬᠦ ᠤᠷᠤᠨ ᠤ ᠠᠩᠬᠠᠲᠠᠭᠴᠢ ᠠᠭᠤᠷᠬᠠᠢ ᠮᠠᠯᠲᠠᠬᠤ᠂ | ᠰᠤᠩᠭᠤᠬᠤ᠂ ᠪᠤᠯᠪᠠᠰᠤᠷᠠᠭᠤᠯᠬᠤ — ᠠᠷᠭ᠎ᠠ ᠲᠥᠢᠯ ᠤᠨ ᠮᠠᠲ᠋ᠧᠷᠢᠶᠠᠯ — ᠴᠠᠬᠢᠯᠭᠠᠨ ᠭᠤᠤᠯ ᠪᠤᠯᠤᠨ | ᠡᠨᠧᠷᠬᠢ ᠬᠠᠲᠠᠭᠠᠯᠠᠬᠤ ᠲᠥᠭᠦᠭᠡᠷᠥᠮᠵᠢ ᠶᠢᠨ ᠪᠥᠬᠦ ᠠᠵᠤ ᠥᠢᠯᠡᠰ ᠤᠨ ᠬᠡᠯᠬᠢᠶᠡᠵᠢᠯ ᠢ ᠲᠠᠶᠢᠴᠢᠯᠠᠬᠤ ᠰᠠᠭᠤᠷᠢᠨ | ᠭᠠᠵᠠᠷ ᠪᠤᠯᠵᠥ᠂ ᠬᠠᠮᠤᠭ ᠶᠡᠭᠡ ᠬᠡᠮᠵᠢᠶ᠎ᠠ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠡᠶᠠᠯᠢᠭ ᠢ ᠲᠤᠬᠠᠢ ᠶᠢᠨ | ᠭᠠᠵᠠᠷ ᠲᠠᠭᠠᠨ ᠬᠤᠪᠢᠷᠠᠭᠤᠯᠤᠨ ᠠᠰᠢᠭᠯᠠᠬᠤ ᠶᠢ ᠪᠡᠶᠡᠯᠡᠬᠦᠯᠵᠥ᠂ ᠪᠥᠬᠦ ᠤᠷᠤᠨ ᠤ ᠯᠢᠲ᠋ᠢ ᠶᠢᠨ ᠠᠵᠤ ᠥᠢᠯᠡᠰ ᠤᠨ | ᠬᠤᠭᠤᠰᠤᠨ ᠢ ᠨᠥᠬᠦᠪᠤᠷᠢᠯᠡᠨ᠎ᠠ᠃ ᠨᠢᠭᠡᠲᠥᠭᠡᠷ ᠬᠤᠭᠤᠴᠠᠭᠠᠨ ᠤ ᠢᠨᠵᠧᠨᠧᠷᠢᠩ ᠠᠰᠢᠭᠯᠠᠯᠲᠠ ᠳᠤ ᠤᠷᠤᠭᠰᠠᠨ ᠤ | ᠲᠠᠷᠠᠭ᠎ᠠ᠂ ᠵᠢᠱᠢᠯᠲᠠ ᠪᠠᠷ ᠵᠢᠯ ᠤᠨ ᠭᠠᠷᠤᠯᠲᠠ ᠨᠢ 6 ᠳ᠋ᠥᠡᠭᠰᠢᠭᠤᠷ ᠲᠥᠭᠦᠷᠢᠭ ᠢ ᠰᠢᠪᠲᠤᠯᠵᠥ᠂ 300 ᠭᠠᠷᠤᠢ | ᠬᠥᠮᠥᠨ ᠳᠤ ᠠᠵᠢᠯ ᠤᠯᠭᠤᠨ᠎ᠠ᠃ ᠲᠠᠷᠠᠭᠠᠴᠢ ᠪᠠᠷ᠂ ᠲᠤᠰ ᠬᠤᠰᠢᠭᠤ ᠭᠤᠤᠯ ᠠᠵᠤ ᠥᠢᠯᠡᠰ ᠤᠨ ᠲᠤᠭᠤᠷᠢᠨ ᠳᠤ | ᠢᠲᠡᠪᠬᠢᠲᠡᠢ ᠪᠠᠷ ᠠᠷᠠᠯᠵᠢᠶᠠᠴᠢᠨ ᠤᠷᠢᠵᠥ᠂ ᠠᠵᠤ ᠥᠢᠯᠡᠰ ᠤᠨ ᠬᠡᠯᠬᠢᠶᠡᠵᠢᠯ ᠢ ᠭᠠᠲᠠᠭᠰᠢ ᠤᠷᠲᠤᠳᠬᠠᠬᠤ ᠶᠢ | ᠬᠥᠲᠥᠯᠥᠨ ᠵᠢᠯᠤᠭᠤᠳᠴᠥ᠂ ᠮᠠᠨ ᠤ ᠤᠯᠤᠰ ᠤᠨ ᠤᠮᠠᠷᠠᠲᠤ ᠶᠢᠨ ᠠᠩᠬᠠᠲᠠᠭᠴᠢ ᠪᠥᠬᠦ ᠡᠵᠡᠩᠨᠡᠯᠲᠡ ᠶᠢᠨ | ᠬᠡᠯᠪᠡᠷᠢ ᠶᠢᠨ ᠯᠢᠲ᠋ᠢ ᠶᠢᠨ ᠠᠵᠤ ᠥᠢᠯᠡᠰ ᠤᠨ ᠰᠥᠷᠥᠭᠵᠢᠯ ᠢ ᠪᠤᠢ ᠪᠤᠯᠭᠠᠨ᠎ᠠ᠃ | ᠭᠤᠷᠪᠠᠲᠤᠭᠠᠷ ᠠᠵᠤ ᠥᠢᠯᠡᠰ ᠲᠤ᠂ ᠠᠭᠤᠰᠤᠯᠴᠠᠯ ᠠᠴᠠ ᠭᠠᠷᠲᠠᠨ ᠰᠤᠶᠤᠯ ᠵᠢᠭᠤᠯᠴᠢᠯᠠᠯ ᠤᠨ ᠠᠵᠤ | ᠥᠢᠯᠡᠰ ᠤᠨ ᠲᠡᠰ ᠲᠡᠪᠰᠢᠯᠲᠠ ᠶᠢ ᠠᠬᠢᠭᠤᠯᠵᠥ᠂ ᠬᠡᠯᠬᠢᠶᠡᠵᠢᠯ ᠪᠠᠶᠢᠭᠤᠯᠵᠥ ᠬᠥᠲᠡᠯᠭᠡᠭᠴᠢ ᠬᠥᠴᠥᠨ ᠢᠶᠠᠨ | ᠴᠢᠩᠭᠠᠳᠬᠠᠪᠠ᠃ ᠲᠤᠰ ᠬᠤᠰᠢᠭᠤ ᠬᠥᠨ ᠵᠤᠵᠠᠭᠠᠨ ᠲᠡᠥᠭᠡ ᠰᠤᠶᠤᠯ ᠤᠨ ᠡᠬᠢ ᠪᠠᠶᠠᠯᠢᠭ ᠲᠠᠭᠠᠨ ᠰᠠᠭᠤᠷᠢᠯᠠᠵᠥ᠂ | ᠥᠨᠲᠤᠰᠤᠲᠡᠨ ᠤ ᠤᠨᠴᠠᠯᠢᠭᠲᠤ ᠰᠤᠶᠤᠯ ᠪᠤᠯᠤᠨ ᠪᠡᠶ᠎ᠠ ᠶᠢᠨ ᠲᠠᠮᠢᠷ ᠵᠢᠭᠤᠯᠴᠢᠯᠠᠯ ᠠᠷᠠᠯᠵᠢᠶ᠎ᠠ ᠬᠤᠲᠠᠯᠲᠤᠭ᠎ᠠ ᠶᠢ | ᠬᠥᠨᠵᠡᠭᠡᠢ ᠠᠭᠤᠰᠤᠯᠴᠠᠭᠤᠯᠬᠤ ᠲᠤᠭᠤᠷᠢᠨ ᠳᠤ ︽ᠭᠠᠷᠴᠥ ᠶᠠᠪᠤᠬᠤ︾ ᠪᠤᠯᠤᠨ ︽ᠲᠠᠲᠠᠵᠥ ᠤᠷᠤᠭᠤᠯᠬᠤ︾ ᠶᠢ | ᠬᠠᠷᠢᠯᠴᠠᠨ ᠤᠶᠠᠯᠲᠤᠭᠤᠯᠵᠥ᠂ ᠥᠬᠠᠨ ᠬᠤᠲᠠ ᠶᠢᠨ ᠮᠥᠢᠯᠠᠨ ᠲᠠᠯ᠎ᠠ ᠨᠤᠲᠤᠭ ᠤᠨ ᠠᠩᠬᠠᠲᠤᠭᠠᠷ ᠬᠤᠭᠤᠴᠠᠭᠠᠨ ᠤ | ᠰᠢᠯᠢ ᠶᠢᠨ ᠭᠤᠤᠯ ᠲᠠᠯ᠎ᠠ ᠨᠤᠲᠤᠭ ᠤᠨ ᠨᠠᠭᠠᠲᠤᠮ᠂ ᠳ᠋ᠠᠯᠢᠶᠠᠨ ᠬᠤᠲᠠ ᠶᠢᠨ ᠲᠤᠯᠤᠲᠤᠭᠠᠷ ᠬᠤᠭᠤᠴᠠᠭᠠᠨ ᠤ | ᠥᠨᠲᠤᠰᠤᠲᠡᠨ ᠨᠦᠭᠦᠳ ᠤᠨ ᠲᠠᠭᠤᠤ ᠬᠥᠭᠵᠢᠮ ᠪᠥᠵᠢᠭ ᠤᠨ ᠲᠤᠭᠯᠠᠯᠲᠠ ᠵᠢᠴᠢ ᠰᠤᠶᠤᠯ ᠵᠢᠭᠤᠯᠴᠢᠯᠠᠯ ᠤᠨ | ᠰᠤᠯᠢᠯᠴᠠᠭ᠎ᠠ ᠬᠠᠮᠵᠢᠯᠴᠠᠭᠠᠨ ᠤ ᠵᠥᠪᠲᠡᠯᠴᠡᠭᠡᠷ ᠤᠨ ᠬᠤᠷᠠᠯ ᠵᠡᠷᠭᠡ ᠠᠵᠢᠯᠯᠠᠭ᠎ᠠ ᠳᠤ ᠢᠲᠡᠪᠬᠢᠲᠡᠢ ᠤᠷᠤᠯᠴᠠᠵᠥ᠂ | ᠮᠤᠩᠭᠤᠯ ᠮᠤᠷᠢᠨ ᠤ ᠬᠤᠯᠪᠤᠭᠠᠲᠤ ᠤᠷᠤᠯᠲᠤᠭᠠᠨ᠂ ᠤᠯᠠᠮᠵᠢᠯᠠᠯᠲᠤ ᠰᠤᠷ ᠬᠠᠷᠪᠤᠯᠲᠠ ᠶᠢᠨ ᠤᠷᠤᠯᠲᠤᠭᠠᠨ ᠵᠡᠷᠭᠡ | ᠠᠵᠢᠯᠯᠠᠭ᠎ᠠ ᠶᠢ ᠡᠷᠬᠢᠯᠡᠵᠥ᠂ ᠪᠥᠬᠦ ᠲᠠᠯ᠎ᠠ ᠤᠯᠠᠨ ᠠᠷᠭ᠎ᠠ ᠵᠠᠮ ᠢᠶᠠᠷ ᠵᠢᠭᠤᠯᠴᠢᠯᠠᠯ ᠤᠨ ᠡᠬᠢ ᠪᠠᠶᠠᠯᠢᠭ ᠪᠤᠯᠤᠨ | ᠤᠨᠴᠠᠯᠢᠭᠲᠤ ᠰᠤᠶᠤᠯ ᠢᠶᠠᠨ ᠲᠠᠨᠢᠯᠴᠠᠭᠤᠯᠵᠠᠢ᠃ ᠲᠤᠰ ᠬᠤᠰᠢᠭᠤᠨ ᠤ ᠤᠯᠤᠰ ᠤᠨ ᠲᠡᠰ ᠤᠨ ᠪᠤᠲᠠᠰ ᠤᠨ ᠪᠤᠰᠤ | ᠰᠤᠶᠤᠯ ᠤᠨ ᠥᠪ — ᠠᠰᠤᠷᠤ ᠤᠷᠲᠤᠨ ᠤ ᠬᠥᠭᠵᠢᠮ ᠳᠤ ᠲᠥᠰᠢᠭᠯᠡᠨ᠂ ᠰᠤᠲᠤᠨ ᠵᠥᠴᠥᠭᠡ ᠶᠢᠨ ᠪᠥᠲᠥᠭᠡᠯ | ᠨᠠᠶᠢᠷᠠᠭᠤᠯᠬᠤ᠂ ᠭᠠᠲᠠᠭᠰᠢ ᠭᠠᠷᠴᠥ ᠥᠵᠡᠬᠦᠯᠭᠡ ᠶᠢᠨ ᠲᠤᠭᠯᠠᠯᠲᠠ ᠡᠷᠬᠢᠯᠡᠬᠦ᠂ ᠥᠵᠡᠬᠦᠯᠭᠡ ᠶᠢᠨ ᠤᠷᠲᠤᠨ ᠢ ᠲᠡᠰ | ᠲᠡᠪᠰᠢᠬᠦᠯᠬᠦ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ ︽ᠠᠰᠤᠷᠤ︾ ᠶᠢᠨ ᠨᠡᠷ᠎ᠠ ᠠᠯᠲᠠᠷᠰᠢᠯ ᠪᠤᠯᠤᠨ ᠨᠥᠯᠥᠭᠡᠯᠡᠬᠦ | ᠬᠥᠴᠥᠨ ᠢ ᠲᠠᠰᠤᠷᠠᠯᠲᠠ ᠥᠭᠡᠢ ᠲᠡᠭᠡᠭᠰᠢᠯᠡᠬᠦᠯᠵᠥ᠂ ᠪᠤᠲᠠᠰ ᠤᠨ ᠪᠤᠰᠤ ᠰᠤᠶᠤᠯ ᠤᠨ ᠥᠪ ᠤᠨ ᠪᠥᠲᠥᠭᠡᠯᠴᠢ | ᠴᠢᠨᠠᠷᠲᠠᠢ ᠬᠤᠪᠢᠷᠠᠯᠲᠠ ᠪᠤᠯᠤᠨ ᠪᠥᠲᠥᠭᠡᠯᠴᠢ ᠴᠢᠨᠠᠷᠲᠠᠢ ᠬᠥᠭᠵᠢᠯᠲᠡ ᠳᠤ ᠬᠥᠴᠥᠨ ᠨᠡᠮᠡᠷᠢᠯᠡᠪᠡ᠃ ᠪᠥᠬᠦ ᠵᠢᠯ ᠳᠤ | ᠬᠥᠯᠢᠶᠡᠨ ᠵᠤᠴᠢᠯᠠᠭᠰᠠᠨ ᠵᠢᠭᠤᠯᠴᠢᠯᠠᠭᠰᠠᠳ ᠤᠨ ᠲᠤᠭ᠎ᠠ 10 ᠲᠥᠮᠡᠨ ᠬᠥᠮᠥᠨ ᠤᠲᠠᠭ᠎ᠠ ᠬᠥᠷᠴᠥ᠂ | ᠵᠢᠭᠤᠯᠴᠢᠯᠠᠯ ᠤᠨ ᠥᠢᠯᠡᠰ ᠤᠨ ᠶᠡᠷᠥᠩᠭᠡᠶᠢᠯᠡᠭᠰᠡᠨ ᠤᠷᠤᠯᠭ᠎ᠠ 1000 ᠲᠥᠮᠡᠨ ᠲᠥᠭᠦᠷᠢᠭ ᠢ ᠲᠠᠪᠠᠵᠥ᠂ ᠰᠤᠶᠤᠯ | ᠵᠢᠭᠤᠯᠴᠢᠯᠠᠯ ᠤᠨ ᠠᠵᠤ ᠥᠢᠯᠡᠰ ᠤᠨ ᠥᠷ᠎ᠠ ᠠᠰᠢᠭ ᠡᠲᠥᠷ ᠢᠷᠡᠬᠦᠶ᠎ᠠ ᠲᠤᠪᠤᠶᠢᠮ᠎ᠠ ᠪᠤᠯᠵᠠᠢ᠃ ᠲᠠᠷᠠᠭᠠᠴᠢ ᠪᠠᠷ᠂ | ᠤᠮᠠᠷᠠᠲᠤ ᠬᠢᠯᠢ ᠶᠢᠨ ᠰᠤᠶᠤᠯ ᠤᠨ ᠪᠠᠶᠢᠭᠤᠯᠤᠯᠲᠠ ᠶᠢ ᠲᠡᠭᠡᠭᠰᠢᠯᠡᠬᠦᠯᠬᠦ ᠠᠵᠢᠯᠯᠠᠭ᠎ᠠ ᠳᠤ ᠲᠥᠰᠢᠭᠯᠡᠨ ᠲᠡᠥᠭᠡ | ᠰᠤᠶᠤᠯ ᠤᠨ ᠡᠬᠢ ᠪᠠᠶᠠᠯᠢᠭ ᠢᠶᠠᠨ ᠬᠥᠢᠴᠡᠳ ᠠᠭᠤᠲᠠᠯᠯᠠᠵᠥ᠂ ᠤᠯᠠᠨ ᠠᠷᠭ᠎ᠠ ᠵᠠᠮ᠂ ᠪᠥᠬᠦ ᠲᠠᠯ᠎ᠠ ᠪᠠᠷ ᠤᠬᠠᠭᠤᠯᠤᠨ | ᠲᠠᠨᠢᠯᠴᠠᠭᠤᠯᠵᠥ᠂ ᠨᠡᠷ᠎ᠠ ᠠᠯᠲᠠᠷᠰᠢᠯ ᠪᠤᠯᠤᠨ ᠲᠠᠲᠠᠬᠤ ᠬᠥᠴᠥᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠥ᠂ ᠵᠠᠬ᠎ᠠ | ᠲᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠰᠤᠶᠤᠯ ᠤᠨ ᠥᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠥᠴᠥᠨ ᠢ | ᠬᠥᠭᠵᠢᠭᠡᠨ᠎ᠠ᠃ | | | | |