ᠣᠷᠣᠨ ᠤ ᠭᠠᠳᠠᠨᠠᠬᠢ ᠵᠢᠭᠤᠯᠴᠢᠯᠠᠬᠰᠠᠳ ᠢ ᠥᠪᠥᠷ ᠮᠣᠩᠭᠤᠯ ᠳᠤ ᠲᠠᠳᠠᠵᠤ ᠠᠪᠴᠢᠷᠠᠬᠤ ᠱᠠᠩᠨᠠᠯ ᠤᠨ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠵᠦ ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ | ᠥᠬᠡᠶ ᠬᠥᠭᠵᠢᠭᠡᠵᠦ ᠂ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠬᠥᠭᠵᠢᠶᠡᠨᠲᠡᠶ ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃ | ᠲᠣᠰ ᠠᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠭᠠᠳᠠᠨᠠᠬᠢ | ᠵᠢᠭᠤᠯᠴᠢᠯᠠᠭᠰᠠᠳ ︵ᠳᠣᠷᠣᠭᠰᠢ ︽ ᠣᠷᠣᠨ ᠤ ᠭᠠᠳᠠᠨᠠᠬᠢ ᠵᠢᠭᠤᠯᠴᠢᠯᠠᠭᠰᠠᠳ ︾ ᠭᠡᠵᠦ ᠲᠣᠪᠴᠢᠯᠠᠨ᠎ᠠ︶ ᠢ ᠵᠣᠬᠢᠶᠠᠨ | ᠪᠠᠶᠢᠭᠤᠯᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠠᠪᠴᠢᠷᠠᠵᠤ ᠵᠢᠭᠤᠯᠴᠢᠯᠠᠭᠤᠯᠤᠬᠰᠠᠨ | ᠵᠢᠭᠤᠯᠴᠢᠯᠠᠯ ᠤᠨ ᠬᠤᠷᠢᠶ᠎ᠠ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠤᠯᠤᠭᠰᠠᠨ ᠂ | ᠬᠠᠤᠯᠢ ᠶᠣᠰᠣᠭᠠᠷ ᠡᠵᠡᠩᠨᠡᠭᠰᠡᠨ ᠂ ᠦᠨᠡᠨᠴᠢ ᠢᠲᠡᠭᠡᠮᠵᠢ ᠶᠢ ᠬᠢᠴᠢᠶᠡᠩᠭᠦ᠋ᠢᠯᠡᠨ ᠰᠠᠬᠢᠭᠰᠠᠨ ᠂ ᠵᠢᠭᠤᠯᠴᠢᠯᠠᠭᠴᠢᠳ ᠢ | ᠲᠠᠲᠠᠵᠤ ᠠᠪᠴᠢᠷᠠᠭᠰᠠᠨ ᠪᠠ ᠭᠥᠯᠢᠶᠡᠨ ᠠᠪᠤᠭᠰᠠᠨ ᠵᠢᠭᠤᠯᠴᠢᠯᠠᠯ ᠤᠨ ᠬᠤᠷᠢᠶ᠎ᠠ᠃ ᠵᠢᠭᠤᠯᠴᠢᠯᠠᠯ ᠤᠨ ᠬᠤᠷᠢᠶ᠎ᠠ ᠶᠢᠨ | ᠬᠤᠪᠢᠶᠠᠷᠢ ᠬᠤᠷᠢᠶ᠎ᠠ ᠵᠢᠴᠢ ᠤᠶᠢᠯᠡᠴᠢᠯᠡᠭᠡᠨ ᠤ ᠲᠤᠤᠷ ᠴᠢᠭ᠋ ᠢ ᠱᠠᠩᠨᠠᠬᠤ ᠡᠲᠡᠭᠡᠳ ᠤᠨ ᠵᠢᠭᠰᠠᠭᠠᠯᠲᠠ ᠳᠤ | ᠣᠷᠣᠭᠤᠯᠬᠤ ᠥᠬᠡᠶ︶ ᠳᠤ ᠤᠷᠮᠠᠰᠢᠭᠤᠯᠬᠤ ᠴᠢᠨᠠᠷᠲᠠᠶ ᠱᠠᠩᠨᠠᠯ ᠦᠭᠭᠦᠨ᠎ᠡ᠃ | ᠲᠣᠰ ᠠᠷᠭ᠎ᠠ ᠶᠢ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ ᠂ 12 ᠰᠠᠷ᠎ᠠ ᠶᠢᠨ | 31 ᠤ ᠡᠳᠦᠷ ᠳᠠᠭᠤᠰᠬᠠᠨ᠎ᠠ᠃ ᠭᠤᠷᠪᠠᠨ ᠱᠠᠲᠤ ᠬᠤᠪᠢᠶᠠᠨ ᠤᠷᠮᠠᠰᠢᠭᠤᠯᠬᠤ ᠴᠢᠨᠠᠷᠲᠠᠶ ᠱᠠᠩᠨᠠᠯ ᠦᠭᠭᠦᠨ᠎ᠡ᠃ | |