ᠪᠠᠶᠠᠨᠲᠠᠯ᠎ᠠ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ︽ᠰᠢᠨ᠎ᠡ ᠤᠡ ᠤ ᠠᠶᠠᠯᠠᠯ ᠢᠶᠠᠨ ᠤᠠᠠᠳᠤᠵᠤ ᠡᠮᠡᠭᠲᠡᠶᠢᠴᠦᠳ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠭᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/5
ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠪᠣᠯᠪᠠᠰᠤᠨ᠂ ᠡᠷᠡᠭᠦᠯ᠂ ᠡᠶ᠎ᠡ ᠵᠣᠬᠢᠴᠠᠩᠭᠤᠶ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 1 ᠰᠠᠷ᠎ᠠ ᠶᠢᠨ 3 ᠤ ᠡᠳᠦᠷ᠂ ᠪᠠᠶᠠᠨᠲᠠᠯ᠎ᠠ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠨᠢ ︽ᠰᠢᠨ᠎ᠡ ᠤᠨ ᠤ ᠠᠶᠠᠯᠠᠯ ᠢᠶᠠᠨ ᠤᠭᠲᠤᠨ ᠡᠮᠡᠭᠲᠡᠶᠢᠴᠦᠳ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠪᠠᠯᠭᠠᠰᠤᠨ ᠤ ᠡᠮᠡᠭᠲᠡᠶ ᠺᠠᠳ᠋ᠷ ᠠᠵᠢᠯᠲᠠᠨ ᠠᠵᠢᠯᠯᠠᠭ᠎ᠠ ᠳᠤ ᠣᠷᠣᠯᠴᠠᠪᠠ᠃ ᠠᠵᠢᠯᠯᠠᠭᠠᠨ ᠤ ᠠᠬᠤᠢ ᠲᠠᠯᠠᠪᠠᠢ ᠳᠤ ᠴᠢᠴᠢᠭᠦᠷ ᠪᠥᠮᠪᠦᠭᠡ᠂ ᠫᠢᠩᠫᠠᠩ ᠪᠥᠮᠪᠦᠭᠡ᠂ ᠬᠥᠵᠥᠷ᠂ ᠰᠢᠳᠡᠷ᠎ᠠ᠂ ᠱᠠᠭ᠎ᠠ ᠵᠢᠴᠢ ᠡᠯ᠎ᠡ ᠳᠦᠷᠤᠯ ᠤᠨ ᠰᠣᠨᠢᠷᠬᠠᠯᠲᠤ ᠤᠷᠤᠯᠳᠤᠭᠠᠨ ᠢ ᠲᠤᠬᠢᠷᠠᠭᠤᠯᠪᠠ᠃ ᠴᠢᠴᠢᠭᠦᠷ ᠪᠥᠮᠪᠦᠭᠡ ᠪᠠ ᠫᠢᠩᠫᠠᠩ ᠪᠥᠮᠪᠦᠭᠡ ᠶᠢᠨ ᠤᠷᠤᠯᠳᠤᠭᠠᠨ ᠨᠢ ᠡᠮᠡᠭᠲᠡᠶ ᠺᠠᠳ᠋ᠷ ᠠᠵᠢᠯᠲᠠᠨ ᠤ ᠥᠪᠡᠷ ᠤᠨ ᠤᠷ᠎ᠠ ᠮᠡᠷᠭᠡᠵᠢᠯ ᠪᠠ ᠬᠤᠷᠳᠤᠴᠠ ᠶᠢ ᠦᠵᠡᠭᠦᠯᠪᠡ︔ ᠱᠠᠭ᠎ᠠ ᠤᠷᠤᠯᠳᠤᠭᠠᠨ ᠨᠢ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠪᠠ ︔ ᠯᠣᠩᠬᠤᠨ ᠠᠮᠠᠰᠠᠷ ᠴᠣᠬᠢᠬᠤ᠂ ᠴᠠᠭᠠᠰᠤᠨ ᠴᠣᠮᠣ ᠨᠠᠭᠠᠳᠬᠤ᠂ ᠫᠢᠩᠫᠠᠩ ᠪᠥᠮᠪᠦᠭᠡ ᠬᠠᠪᠴᠢᠬᠤ ᠵᠡᠷᠭᠡ ᠰᠣᠨᠢᠷᠬᠠᠯᠲᠠᠶ ᠤᠷᠤᠯᠳᠤᠭᠠᠨ ᠨᠢ ᠨᠠᠩ ᠴᠤ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠭᠤᠶᠢᠳᠠ ᠰᠠᠶᠢᠬᠠᠨ ᠪᠤᠯᠭᠠᠪᠡ᠃ ᠤᠷᠤᠯᠳᠤᠭᠠᠨ ᠤ ᠲᠤᠬᠠᠶ ᠶᠢᠨ ᠲᠠᠯᠠᠪᠠᠢ ᠳᠤ ᠤᠤᠬᠠᠶᠢᠯᠠᠬᠤ ᠳᠠᠭᠤᠨ᠂ ᠭᠦᠴᠤ ᠨᠡᠮᠡᠬᠦ ᠳᠠᠭᠤᠨ᠂ ᠢᠨᠢᠶᠡᠯᠳᠦᠬᠦ ᠳᠠᠭᠤᠨ ᠦᠷᠭᠦᠯᠵᠢᠯᠡᠨ᠂ ᠬᠥᠷ ᠬᠥᠭᠵᠢᠶᠡᠨᠲᠦ ᠠᠭᠤᠷ ᠠᠮᠢᠰᠬᠤᠯ ᠤᠨ ᠳᠤᠮᠳᠠ᠂ ᠰᠢᠨ᠎ᠡ ᠵᠢᠯ ᠤᠨ ᠪᠠᠶᠠᠷ ᠪᠠᠭ᠋ᠠᠳᠤᠯ ᠤᠯᠠᠮ ᠭᠦᠨ ᠵᠤᠵᠠᠭᠠᠨ ᠪᠣᠯᠪᠠ᠃ ᠠᠵᠢᠯᠯᠠᠭ᠎ᠠ ᠳᠤ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠳᠤᠭᠢᠷᠠᠭᠤᠯᠪᠡ᠃ ᠡᠮᠡᠭᠲᠡᠢ ᠺᠠᠳ᠋ᠷ ᠠᠵᠢᠯᠲᠠᠳ ᠲᠣᠭᠯᠠᠯᠲᠠ ᠭᠠᠷᠭᠠᠵᠤ᠂ ᠦᠪᠡᠷ ᠤᠨ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠤᠯᠠᠨ ᠤ ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠡᠮᠡᠭᠲᠡᠶ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠡᠮᠡᠭᠲᠡᠶ ᠺᠠᠳ᠋ᠷᠴᠤᠳ ᠤᠨᠬᠤᠭᠤᠷᠣᠨᠳᠣᠬᠢ ᠰᠣᠯᠢᠯᠴᠠᠭ᠎ᠠ ᠪᠠ ᠦᠶᠯᠡᠳᠦᠯᠴᠡᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ  ᠤᠨ ᠬᠤᠯᠪᠣᠭᠠᠲᠤ ᠬᠤᠷᠠᠯ ᠤᠨ ᠺᠠᠳ᠋ᠷᠴᠤᠳ ᠤᠨ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠥᠪᠯᠡᠩᠭᠦᠢ ᠬᠦᠴᠦᠨ ᠪᠠ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠪᠡ᠃ ᠠᠵᠢᠯᠯᠠᠭ᠎ᠠ  ᠳᠤ ᠣᠷᠣᠯᠴᠠᠭᠰᠠᠨ ᠡᠮᠡᠭᠲᠡᠶ ᠺᠠᠳ᠋ᠷ ᠠᠵᠢᠯᠲᠠᠨ ᠠᠵᠢᠯᠴᠢᠨ ᠲᠣᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠩ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢ ᠬᠤᠶᠢᠰᠢᠳᠠ ᠶᠢᠨ ᠠᠮᠢᠳᠤᠷᠠᠯ ᠪᠠ ᠠᠵᠢᠯ ᠳᠠᠭᠠᠨ ᠠᠭᠤᠰᠤᠯᠴᠠᠭᠤᠯᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠥᠪᠡᠷ ᠤᠨ ᠣᠶᠤᠨ ᠤᠬᠠᠭᠠᠨ ᠪᠠ ᠬᠦᠴᠦᠨ ᠴᠢᠳᠠᠯ  ᠢᠶᠠᠨ ᠡᠷᠭᠦᠵᠦ᠂ ᠰᠢᠨ᠎ᠡ ᠨᠢᠭᠡ ᠵᠢᠯ ᠳᠤ ᠡᠮᠡᠭᠲᠡᠶᠢᠴᠦᠳ ᠤᠨ ᠢᠷᠠᠭᠤ ᠲᠤᠤᠯᠢᠰ ᠢ ᠦᠷᠭᠦᠯᠵᠢᠯᠡᠨ ᠪᠢᠴᠢᠭᠯᠡᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号