ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠠᠶᠤᠯᠭᠦᠶ ᠦᠶᠯᠡᠳᠪᠦᠷᠢᠯᠡᠯ ᠤᠨ ᠠᠵᠢᠯ ᠢ ᠪᠥᠬᠦ ᠲᠠᠯ᠎ᠠ ᠪᠠᠷ | ᠪᠣᠳᠠᠲᠠᠶ ᠨᠠᠷᠢᠯᠢᠭ ᠠᠳᠬᠤᠵᠤ᠂ ᠪᠥᠬᠦ ᠪᠠᠯᠭᠠᠰᠤᠨ ᠤ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠲᠦᠪᠰᠢᠨ ᠤ | ᠠᠵᠢᠯ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠶᠢᠨ ᠲᠥᠯᠥᠭᠡ᠂ 2025 ᠣᠨ ᠤ 1 ᠰᠠᠷ᠎ᠠ ᠶᠢᠨ 13 ᠤ | ᠡᠳᠦᠷ᠂ ᠪᠠᠶᠠᠨᠲᠠᠯ᠎ᠠ ᠪᠠᠯᠭᠠᠰᠤ 2025 ᠣᠨ ᠤ ᠠᠩᠬᠠᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ | ᠤᠨ ᠬᠤᠷᠠᠯ ᠵᠢᠴᠢ ᠴᠠᠭᠠᠨ ᠰᠠᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ | ᠳᠠᠷᠤᠭ᠎ᠠ ᠲᠦᠮᠡᠨᠪᠠᠶᠠᠷ ᠬᠤᠷᠠᠯ ᠡᠷᠭᠢᠯᠡᠵᠦ᠂ ᠪᠥᠬᠦ ᠪᠠᠯᠭᠠᠰᠤᠨ ᠤ ᠺᠠᠳ᠋ᠷ ᠠᠵᠢᠯᠲᠠᠨ ᠬᠤᠷᠠᠯ ᠳᠤ ᠣᠷᠣᠯᠴᠠᠪᠠ ᠃ | ᠬᠤᠷᠠᠯ ᠠᠴᠠ ᠳᠡᠭᠡᠳᠦ ᠱᠠᠲᠤᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠤᠨ | ᠠᠵᠢᠯ ᠤᠨ ᠲᠤᠬᠠᠶ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠬᠤᠸᠠᠷ ᠫᠤᠤᠵᠢᠩ ᠵᠢᠴᠢ | ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ | ᠵᠡᠷᠭᠡ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠶᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠤᠨ | ᠲᠣᠭᠤᠷᠢᠨ ᠳᠤ ᠳᠠᠬᠢᠨ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠵᠢᠯ ᠤᠨ ᠡᠴᠦᠰ ᠰᠢᠨ᠎ᠡ ᠵᠢᠯ ᠤᠨ ᠡᠬᠢ ᠪᠣᠯ ᠡᠯ᠎ᠡ ᠲᠦᠷᠦᠯ ᠤᠨ ᠠᠮᠤᠷ ᠲᠦᠪᠰᠢᠨ ᠤ ᠠᠳᠡᠯ | ᠠᠮᠠᠷᠬᠠᠨ ᠡᠭᠦᠰᠬᠦ ᠬᠤᠭᠤᠴᠠᠭ᠎ᠠ᠂ ᠮᠥᠨ ᠴᠦ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠠᠩᠭᠢᠯᠠᠭ᠎ᠠ ᠶᠢᠨ | ᠬᠤᠭᠤᠴᠠᠭ᠎ᠠ ᠪᠣᠯᠤᠨ᠎ᠠ᠂ ᠬᠥᠮᠦᠨ ᠤ ᠤᠷᠤᠰᠬᠠᠯ᠂ ᠪᠠᠷᠠᠭᠠᠨ ᠤ ᠭᠦᠢᠯᠭᠡᠭᠡ᠂ ᠲᠡᠷᠭᠡᠨ ᠤ ᠤᠷᠤᠰᠬᠠᠯ ᠶᠡᠬᠡᠰᠴᠦ᠂ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠭᠦᠰᠬᠦ ᠪᠤᠯᠤᠮᠵᠢ ᠨᠡᠮᠡᠭᠳᠡᠵᠦ ᠪᠠᠶᠢᠨ᠎ᠠ᠃ ᠡᠶᠢᠮᠦ ᠠᠴᠠ᠂ | ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠵᠠᠪᠠᠯ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠬᠤ | ᠬᠡᠷᠡᠭᠲᠡᠢ ᠃ | ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠲᠦᠮᠡᠨᠪᠠᠶᠠᠷ | ᠴᠢᠬᠤᠯᠠᠴᠢᠯᠠᠭᠰᠠᠨ ᠨᠢ᠂ ᠨᠢᠭᠡ ᠳᠤ᠂ ᠭᠤᠣᠯᠳᠠᠯᠭ᠎ᠠ ᠲᠠᠢ ᠣᠷᠣᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ | ᠠᠵᠢᠯ ᠢ ᠴᠢᠩᠭᠠᠳᠬᠠᠨ᠎ᠠ ᠃ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ | ᠭᠠᠯ ᠤᠨᠲᠠᠷᠠᠭᠠᠬᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ᠂ ᠬᠤᠸᠠᠷ ᠫᠤᠤᠵᠢᠩ ᠤᠨ ᠠᠶᠤᠯ ᠦᠭᠡᠶ ᠶᠢ | ᠴᠡᠭᠴᠡᠯᠡᠨ ᠵᠠᠰᠠᠬᠤ᠂ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ | ᠰᠠᠶᠢᠲᠤᠷ ᠬᠢᠬᠦ ᠬᠡᠷᠩᠳᠠᠢ᠃ ᠬᠠᠷᠢᠶᠠᠲᠤ ᠣᠷᠣᠨ ᠤ ᠠᠵᠤ ᠠᠬᠤᠶᠢᠯᠠᠯ ᠤᠨ ᠠᠮᠤᠷ ᠲᠦᠪᠰᠢᠨ ᠢ ᠵᠢᠭᠰᠠᠭᠠᠨ | ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠦᠶᠯᠡᠳᠪᠦᠷᠢᠯᠡᠯ ᠠᠵᠢᠯ ᠵᠣᠭᠰᠣᠭᠰᠠᠨ ᠬᠤᠭᠤᠴᠠᠭᠠᠨ ᠳᠠᠬᠢ | ᠵᠢᠵᠢᠭᠦᠷᠯᠡᠨ ᠰᠠᠬᠢᠬᠤ ᠪᠠ ᠠᠶᠤᠯ ᠥᠬᠡᠶ ᠦᠶᠯᠡᠳᠪᠦᠷᠢᠯᠡᠯ ᠤᠨ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠨ᠎ᠠ᠃ | ᠬᠤᠸᠠᠷ ᠫᠤᠤᠵᠢᠩ ᠬᠠᠳᠠᠭᠠᠯᠠᠬᠤ ᠴᠢᠭ ᠢ ᠴᠢᠩᠭ᠎ᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠳᠠᠭᠠᠯᠠᠬᠤ᠂ | ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠶ ᠲᠠᠯᠠᠪᠤᠷ ᠢ ᠴᠢᠩᠭ᠎ᠠ ᠪᠠᠶᠢᠴᠠᠭᠠᠬᠤ ᠬᠡᠷᠡᠭᠲᠡᠶ᠃ ᠬᠤᠶᠠᠷ ᠲᠤ᠂ ᠪᠠᠶᠠᠷ ᠤᠨ | ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠩᠳᠠᠢ᠃ | 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ | ᠶᠢ ᠦᠨᠡᠨ ᠬᠦ ᠪᠠᠲᠤᠯᠠᠵᠤ᠂ ᠠᠶᠤᠯ ᠲᠦᠭᠰᠢᠭᠦᠷᠢ ᠪᠤᠶᠤ ᠠᠳᠡᠯ ᠭᠠᠷᠪᠠᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ | ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠡᠬᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠠᠯᠪᠠᠨ | ᠠᠰᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠨᠠᠮ ᠵᠠᠰᠠᠭ ᠤᠨ ᠲᠣᠮᠣ ᠠᠰᠠᠷ ᠲᠤ ᠪᠥᠬᠦ | ᠲᠠᠯ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ᠂ ᠤᠰᠤ ᠴᠠᠬᠢᠯᠭᠠᠨ ᠵᠡᠷᠭᠡ ᠠᠮᠤᠷ | ᠲᠦᠪᠰᠢᠨ ᠤ ᠬᠡᠮ ᠰᠣᠭᠤᠭ ᠢ ᠠᠷᠢᠯᠭᠠᠨ᠎ᠠ᠃ ᠪᠥᠬᠦ ᠪᠠᠯᠭᠠᠰᠤᠨ ᠤ ᠺᠠᠳ᠋ᠷ ᠠᠵᠢᠯᠲᠠᠨ ᠬᠠᠤᠯᠢ ᠰᠠᠬᠢᠯᠭ᠎ᠠ ᠶᠢ | ᠵᠢᠷᠤᠮᠯᠠᠨ᠂ ᠠᠷᠢᠬᠢ ᠤᠤᠭᠤᠵᠤ ᠲᠡᠷᠭᠡ ᠵᠢᠯᠣᠭᠤᠳᠬᠤ ᠦᠶᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠮ | ᠬᠠᠷᠢᠯᠴᠠᠭᠠᠨ ᠤ ᠲᠦᠷᠢᠮ ᠢ ᠴᠢᠩᠭ᠎ᠠ ᠵᠢᠷᠤᠮᠯᠠᠨ᠂ ᠲᠥᠪ ᠤᠨ ᠨᠠᠶᠮᠠᠨ ᠵᠤᠷᠪᠤᠰ ᠲᠣᠭᠲᠠᠭᠠᠯ ᠢ ᠡᠷᠡᠰ | ᠬᠡᠷᠡᠭᠵᠢᠭᠦᠯᠦᠨ᠎ᠡ᠃ ᠭᠤᠷᠪᠠ ᠳᠤ᠂ ᠠᠶᠤᠯ ᠦᠭᠡᠶ ᠦᠢᠯᠡᠳᠪᠦᠷᠢᠯᠡᠯ ᠤᠨ ᠤᠬᠠᠭᠤᠯᠭ᠎ᠠ ᠶᠢᠨ ᠡᠷᠴᠢᠮ ᠢ | ᠨᠡᠮᠡᠭᠳᠡᠭᠦᠯᠦᠨ᠎ᠡ᠃ ᠣᠯᠠᠨ ᠲᠦᠮᠡᠨ ᠤ ᠵᠠᠮ ᠬᠠᠷᠢᠯᠴᠠᠭ᠎ᠠ᠂ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ᠂ ᠢᠳᠡᠭᠡᠨ ᠡᠮ | ᠤᠨ ᠵᠦᠶᠯᠡᠰ ᠤᠨ ᠠᠮᠤᠷ ᠲᠦᠪᠰᠢᠨ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ᠂ | ᠬᠤᠸᠠᠷ ᠫᠤᠤᠵᠢᠩ ᠤᠨ ᠠᠮᠤᠷ ᠲᠦᠪᠰᠢᠨ ᠤ ᠤᠬᠠᠮᠰᠠᠷ ᠢ ᠬᠥᠮᠦᠵᠢᠭᠦᠯᠦᠨ ᠵᠢᠯᠣᠭᠤᠳᠬᠤ ᠠᠵᠢᠯ ᠢ ᠰᠠᠶᠢᠲᠤᠷ | ᠬᠢᠵᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠪᠠᠯᠭᠠᠰᠤᠨ ᠤ | ᠬᠡᠪᠴᠢᠶᠡᠨ ᠳᠤ 《 ᠬᠥᠮᠦᠨ ᠪᠦᠬᠦᠨ ᠠᠮᠤᠷ ᠲᠦᠪᠰᠢᠨ ᠢ ᠪᠠᠳᠣᠯᠠᠵᠤ᠂ ᠬᠥᠮᠦᠨ ᠪᠦᠬᠦᠨ ᠪᠠᠴᠢᠮ ᠪᠠᠶᠢᠳᠠᠯ ᠢ | ᠠᠷᠭᠠᠴᠠᠬᠤ 》 ᠪᠠᠶᠠᠷ ᠤᠨ ᠡᠳᠦᠷ ᠠᠴᠠ ᠡᠮᠦᠨᠡᠬᠢ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ ᠃ | ᠲᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ ᠪᠠᠯᠭᠠᠰᠤ ᠨᠢ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ | ᠳᠡᠭᠡᠭᠰᠢᠯᠡᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠪᠠ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ | ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠶᠤᠯᠭᠦᠶ ᠦᠶᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠬᠤ ᠶᠢ | ᠡᠷᠡᠰ ᠬᠤᠷᠢᠭᠯᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ᠂ ᠪᠠᠶᠠᠷ ᠬᠥᠷ ᠲᠠᠢ᠂ ᠥᠯᠵᠡᠶ | ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ ᠃ |