ᠬᠠᠪᠣᠷ ᠤᠨ ᠣᠯᠠᠷᠢᠯ ᠤᠨ ᠡᠪᠡᠰᠦᠨ ᠤ ᠣᠷᠭᠤᠯᠳᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠭᠦ ᠠᠵᠢᠯ | ᠡᠭᠢᠯᠡᠭᠰᠡᠨ ᠠᠴᠠ ᠨᠠᠰᠢ᠂ ᠬᠦᠪᠡᠭᠡᠲᠦ ᠰᠢᠷ᠎ᠠ ᠬᠤᠰᠢᠭᠤᠨ ᠤ ᠡᠯ᠎ᠡ ᠰᠤᠮᠤ ᠪᠠᠯᠭᠠᠰᠤ 5 ᠬᠠᠤᠯᠢ ᠬᠡᠷᠡᠭᠵᠢᠭᠦᠯᠬᠦ | ᠳᠤᠭᠤᠶᠢᠯᠠᠩ ᠪᠠᠶᠢᠭᠤᠯᠵᠤ᠂ ᠰᠤᠮᠤ ᠪᠠᠯᠭᠠᠰᠤᠨ ᠤ ᠪᠠᠨ ᠬᠠᠷᠢᠶᠠᠨ ᠳᠠᠬᠢ ᠭᠠᠴᠠᠭᠠᠨ ᠳᠠᠭᠠᠨ ᠭᠦᠨᠵᠡᠭᠡᠶᠢᠷᠡᠵᠦ᠂ | ᠪᠡᠯᠴᠢᠭᠡᠷ ᠰᠡᠷᠭᠦᠭᠡᠬᠦ ᠠᠵᠢᠯ ᠳᠤ ᠪᠥᠬᠦ ᠡᠳᠦᠷ ᠤᠨ ᠲᠣᠭᠤᠷᠢᠨ ᠪᠠᠶᠢᠴᠠᠭᠠᠯᠲᠠ ᠬᠢᠵᠦ ᠪᠣᠢ᠃ | ᠲᠣᠭᠤᠷᠢᠨ ᠪᠠᠶᠢᠴᠠᠭᠠᠬᠤ ᠶᠠᠪᠤᠴᠠ ᠳᠤ᠂ ᠬᠠᠣᠯᠢ ᠭᠡᠷᠡᠭᠵᠢᠭᠦᠯᠭᠦ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠲᠠᠶᠢᠯᠤᠮᠵᠢ ᠭᠢᠭᠦ᠂ ᠪᠡᠯᠴᠢᠭᠡᠷᠯᠡᠭᠦᠯᠬᠦ ᠶᠢ ᠵᠣᠬᠰᠣᠭᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠣᠬᠠᠭᠤᠯᠣᠨ ᠰᠣᠷᠳᠠᠯᠴᠢᠯᠠᠵᠦ᠂ ᠪᠡᠯᠴᠢᠭᠡᠷᠯᠡᠭᠦᠯᠬᠦ ᠶᠢ ᠵᠣᠬᠤᠰᠣᠭᠠᠬᠤ ᠴᠠᠭ ᠬᠤᠭᠤᠴᠠᠭ᠎ᠠ᠂ ᠣᠷᠣᠨ ᠪᠦᠰᠡ ᠵᠢᠴᠢ | ᠲᠣᠭᠲᠠᠭᠠᠯ ᠠᠴᠠ ᠵᠥᠷᠢᠴᠡᠭᠰᠡᠨ ᠦᠷ᠎ᠡ ᠳ᠋ᠦᠩ ᠢ ᠨᠠᠷᠢᠨ ᠲᠠᠶᠢᠯᠪᠤᠷᠢᠯᠠᠵᠤ ᠦᠭᠴᠦ ᠪᠠᠶᠢᠯ᠎ᠠ᠃ ︽ᠪᠢᠳᠡ ᠵᠢᠯ | ᠪᠦᠷᠢ ᠶᠢᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠴᠥᠮ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠪᠥᠬᠦ ᠪᠠᠯᠭᠠᠰᠤᠨ ᠤ 21 ᠭᠠᠴᠠᠭ᠎ᠠ᠂ ᠪᠡᠯᠴᠢᠭᠡᠷᠯᠡᠬᠦᠯᠬᠦ ᠶᠢ ᠵᠤᠭᠰᠤᠭᠠᠭᠰᠠᠨ 11 ᠭᠠᠴᠠᠭᠠᠨ ᠤ ᠨᠤᠲᠤᠭ | ᠪᠡᠯᠴᠢᠭᠡᠷ ᠲᠤ ᠲᠣᠭᠤᠷᠢᠨ ᠪᠠᠶᠢᠴᠠᠭᠠᠯᠲᠠ ᠬᠢᠳᠡᠭ︔ ᠲᠠᠷᠠᠭᠠᠴᠢ ᠶᠢᠨ ᠠᠯᠬᠤᠮ ᠳᠤ᠂ ᠪᠢᠳᠡ ᠤᠬᠠᠭᠤᠯᠬᠤ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠡᠩ ᠤᠨ ᠴᠠᠭ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ | ᠪᠥᠬᠦ ᠬᠤᠰᠢᠭᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠠᠬᠢᠭᠤᠯᠤᠨ᠎ᠠ︾ ᠭᠡᠵᠤ ᠬᠥᠪᠡᠭᠡᠲᠦ ᠰᠢᠷ᠎ᠠ | ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ | ᠠᠵᠢᠯᠲᠠᠨ ᠰᠣᠶᠣᠯᠪᠦ᠋ᠷᠢᠨ ᠶᠠᠷᠢᠯ᠎ᠠ᠃ | ᠣᠶᠢᠯᠠᠭᠠᠬᠰᠠᠨ ᠢᠶᠠᠷ᠂ ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤ᠂ ᠪᠣᠭᠳᠠ ᠶᠢᠨ ᠭᠤᠤᠯ ᠰᠤᠮᠣ᠂ | ᠤᠩᠭᠤᠨ ᠠᠭᠤᠯᠠ ᠰᠤᠮᠤ ᠵᠡᠷᠭᠡ 3 ᠰᠤᠮᠤ ᠪᠠᠯᠭᠠᠰᠤᠨ ᠤ 726.85 ᠲᠦᠮᠡᠨ ᠮᠥ ᠨᠤᠲᠤᠭ ᠪᠡᠯᠴᠢᠭᠡᠷ ᠨᠢ ᠡᠨᠡ | ᠵᠢᠯ ᠤᠨ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠡᠪᠴᠢᠶᠡᠨ ᠳᠤ | ᠤᠷᠣᠵᠠᠢ᠃ |