ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ | ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠬᠤᠰᠢᠭᠤᠨ ᠤ ᠣᠶ ᠰᠢᠭᠤᠶ ᠶᠢᠨ ᠡᠬᠢ ᠪᠠᠶᠠᠯᠢᠭ ᠪᠠ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ | 1 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠣᠶᠢᠮᠡᠷ ᠢ | ᠰᠡᠷᠭᠡᠶᠢᠯᠡᠬᠦ ᠦᠢᠯᠡᠴᠢᠯᠡᠭᠡᠨ ᠤ ᠲᠥᠪ ᠨᠢ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠡᠷ ᠢ | ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠠᠮᠢ ᠠᠬᠤᠶ ᠶᠢᠨ ᠣᠷᠴᠢᠨ ᠲᠣᠭᠤᠷᠢᠨ᠂ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠠᠩᠨᠠᠨ | ᠪᠠᠶᠢᠴᠠᠭᠠᠬᠤ ᠶᠡᠭᠡ ᠠᠩᠭᠢ ᠲᠠᠢ ᠬᠠᠮᠲᠤᠷᠠᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ | ᠲᠣᠶᠢᠮᠡᠷ ᠢ ᠰᠡᠷᠭᠡᠶᠢᠯᠡᠬᠦ ᠰᠣᠷᠢᠯᠲᠠ ᠥᠷᠨᠢᠭᠦᠯᠪᠡ᠃ | ᠰᠣᠷᠢᠯᠲᠠ ᠠᠴᠠ ᠡᠮᠦᠨ᠎ᠡ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠣᠶᠢᠮᠡᠷ ᠢ | ᠰᠡᠷᠭᠡᠶᠢᠯᠡᠬᠦ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠰᠣᠷᠢᠯᠲᠠ ᠶᠢᠨ ᠵᠣᠷᠢᠯᠭ᠎ᠠ ᠶᠢ | ᠳᠤᠳᠤᠷᠬᠠᠶᠢᠯᠠᠵᠤ᠂ ᠡᠭᠦᠷᠬᠦ ᠬᠡᠯᠪᠡᠷᠢ ᠶᠢᠨ ᠦᠯᠢᠶᠡᠵᠤ ᠭᠠᠯ ᠤᠨᠲᠠᠷᠠᠭᠠᠬᠤ ᠮᠠᠰᠢᠨ ᠢ ᠬᠡᠷᠡᠭᠯᠡᠬᠦ ᠠᠷᠭ᠎ᠠ ᠪᠠ | ᠴᠢᠳᠠᠮᠵᠢ ᠶᠢᠨ ᠣᠨᠴᠠᠯᠢᠭ ᠢ ᠨᠠᠷᠢᠨ ᠲᠠᠶᠢᠯᠪᠤᠷᠢᠯᠠᠪᠠ᠃ ᠲᠣᠰ ᠤᠳᠠᠭᠠᠨ ᠤ ᠰᠣᠷᠢᠯᠲᠠ ᠨᠢ ᠮᠠᠨ ᠤ ᠬᠤᠰᠢᠭᠤᠨ ᠤ | ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠪᠠᠷᠠᠭᠤᠨ ᠵᠠᠬ᠎ᠠ ᠳᠤ ᠭᠠᠯ ᠭᠠᠷᠤᠭᠰᠠᠨ ᠢᠶᠠᠷ ᠠᠷᠤ | ᠦᠵᠡᠭᠳᠡᠯ ᠪᠣᠯᠭᠠᠵᠤ᠂ ᠭᠠᠯ ᠤᠨᠲᠠᠷᠠᠭᠠᠬᠤ ᠶᠠᠪᠤᠴᠠ ᠳᠠᠬᠢ ᠮᠡᠳᠡᠭᠡ ᠵᠠᠩᠭᠢ ᠶᠢ ᠮᠡᠳᠡᠬᠦᠯᠬᠦ᠂ ᠪᠠᠴᠢᠮ ᠪᠠᠶᠢᠳᠠᠯ ᠢ | ᠠᠷᠭᠠᠴᠠᠭᠠᠬᠤ᠂ ᠡᠩᠨᠡᠭᠡ ᠪᠠᠨ ᠴᠤᠭᠯᠠᠭᠤᠯᠬᠤ᠂ ᠲᠣᠨᠤᠭ ᠲᠥᠬᠦᠭᠡᠷᠦᠮᠵᠢ ᠬᠡᠷᠡᠭᠯᠡᠬᠦ᠂ ᠭᠠᠯ ᠤᠨᠲᠠᠷᠠᠭᠠᠬᠤ᠂ ᠭᠠᠯ | ᠤᠨᠲᠠᠷᠠᠭᠠᠬᠤ ᠲᠠᠯᠠᠪᠤᠷ ᠢ ᠴᠡᠪᠡᠷᠯᠡᠬᠦ ᠵᠡᠷᠭᠡ ᠲᠠᠰ ᠳᠠᠷᠠᠭᠠᠯᠠᠯ ᠤᠨ ᠲᠤᠬᠠᠶ ᠰᠣᠷᠢᠯᠳᠠ ᠬᠢᠭᠰᠡᠨ ᠪᠠᠶᠢᠨ᠎ᠠ᠃ | ᠲᠤᠬᠠᠶ ᠶᠢᠨ ᠲᠠᠯᠠᠪᠠᠶ ᠶᠢᠨ ᠵᠢᠯᠣᠭᠤᠳᠤᠭᠴᠢ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠷ ᠳᠡᠮᠵᠢᠨ᠂ ᠡᠭᠦᠷᠬᠦ | ᠬᠡᠯᠪᠡᠷᠢ ᠶᠢᠨ ᠦᠯᠢᠶᠡᠵᠤ ᠭᠠᠯ ᠤᠨᠲᠠᠷᠠᠭᠠᠬᠤ ᠮᠠᠰᠢᠨ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠵᠦ᠂ | ᠪᠠᠶᠢᠯᠳᠤᠬᠤ ᠠᠷᠭ᠎ᠠ ᠪᠤᠳᠤᠯᠭ᠎ᠠ ᠲᠣᠭᠲᠠᠭᠠᠵᠤ ᠭᠠᠵᠠᠷ ᠤᠨ ᠭᠠᠳᠠᠷᠭᠤ ᠶᠢᠨ ᠢᠯᠡ ᠭᠠᠯ ᠢ ᠤᠨᠲᠠᠷᠠᠭᠠᠬᠤ᠂ ᠭᠠᠯ | ᠤᠨᠲᠠᠷᠠᠭᠠᠭᠰᠠᠨ ᠤ ᠳᠠᠷᠠᠭ᠎ᠠ᠂ ᠭᠠᠯ ᠤᠨᠲᠠᠷᠠᠭᠠᠬᠤ ᠲᠡᠷᠭᠡ ᠶᠢ ᠠᠰᠢᠭᠯᠠᠨ ᠦᠯᠡᠳᠡᠪᠦᠷᠢ ᠭᠠᠯ ᠢ ᠴᠡᠪᠡᠷᠯᠡᠬᠦ ᠶᠢᠨ ᠬᠠᠮᠲᠤ | ᠲᠤᠬᠠᠶ ᠶᠢᠨ ᠲᠠᠯᠠᠪᠤᠷ ᠲᠤ ᠰᠠᠬᠢᠨ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠭᠰᠡᠨ ᠪᠠᠶᠢᠨ᠎ᠠ᠃ ᠪᠦᠬᠦ᠋ᠢᠯᠡ | ᠰᠣᠷᠢᠯᠲᠠ ᠶᠢᠨ ᠶᠠᠪᠤᠴᠠ ᠳᠤ ᠡᠯ᠎ᠡ ᠠᠯᠬᠤᠮ ᠢ ᠪᠦᠲᠦᠮᠵᠢᠲᠡᠶ ᠵᠣᠯᠭᠠᠭᠤᠯᠵᠤ᠂ ᠵᠢᠱᠢᠭᠰᠡᠨ ᠦᠷ᠎ᠡ ᠪᠦᠲᠦᠮᠵᠢ ᠳᠤ | ᠪᠠᠨ ᠬᠦᠷᠣᠭ᠍ᠰᠠᠨ ᠪᠠᠶᠢᠨ᠎ᠠ᠃ ᠲᠣᠰ ᠤᠳᠠᠭᠠᠨ ᠤ ᠰᠣᠷᠢᠯᠲᠠ ᠳᠤ ᠨᠡᠶᠢᠲᠡ 1 ᠵᠢᠯᠣᠭᠤᠳᠬᠤ ᠲᠡᠷᠭᠡ᠂ 1 ᠪᠠᠴᠢᠮ | ᠪᠠᠶᠢᠳᠠᠯ ᠢ ᠠᠷᠭᠠᠴᠠᠭᠠᠬᠤ ᠭᠠᠯ ᠤᠨᠲᠠᠷᠠᠭᠠᠬᠤ ᠲᠡᠷᠭᠡ᠂ 1 ᠪᠠᠴᠢᠮ ᠪᠠᠶᠢᠳᠠᠯ ᠢ ᠠᠷᠭᠠᠴᠠᠭᠠᠬᠤ ᠤᠰᠤ ᠰᠦᠷᠴᠢᠬᠦ | ᠲᠡᠷᠭᠡ ᠶᠢ ᠬᠥᠳᠡᠯᠭᠡᠵᠦ᠂ 10 ᠰᠣᠷᠢᠯᠲᠠ ᠶᠢᠨ ᠠᠵᠢᠯᠲᠠᠨ ᠤᠷᠤᠯᠴᠠᠵᠠᠢ᠃ ︽ᠲᠣᠰ ᠤᠳᠠᠭᠠᠨ ᠤ ᠰᠣᠷᠢᠯᠲᠠ ᠪᠠᠷ | ᠳᠡᠮᠵᠢᠨ᠂ ᠪᠢᠳᠡ ᠲᠤᠷᠰᠢᠯᠭ᠎ᠠ ᠬᠤᠷᠠᠮᠳᠤᠭᠤᠯᠵᠤ᠂ ᠡᠩᠨᠡᠬᠡᠨ ᠤ ᠪᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠪᠠᠨ ᠲᠡᠬᠡᠭᠰᠢᠯᠡᠬᠦᠯᠣᠭ᠍ᠰᠠᠨ ᠪᠠᠶᠢᠨ᠎ᠠ︾ ᠭᠡᠵᠤ ᠬᠦᠪᠡᠬᠡᠳᠣ ᠰᠢᠷ᠎ᠡ ᠬᠤᠰᠢᠭᠤᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠦᠢᠯᠡᠴᠢᠯᠡᠭᠡᠨ ᠤ ᠲᠥᠪ ᠤᠨ ᠡᠷᠬᠢᠯᠡᠭᠴᠢ ᠵᠧᠩ ᠸᠧᠨ ᠯᠢ ᠶᠠᠷᠢᠯ᠎ᠠ᠃ | ᠲᠣᠰ ᠤᠳᠠᠭᠠᠨ ᠤ ᠰᠣᠷᠢᠯᠲᠠ ᠨᠢ ᠭᠠᠯ ᠤᠨᠲᠠᠷᠠᠭᠠᠬᠤ ᠠᠵᠢᠯᠲᠠᠨ ᠳᠤ ᠠᠶᠤᠯ ᠠᠴᠠ ᠪᠠᠴᠢᠮ ᠵᠠᠶᠢᠯᠠᠬᠤ | ᠮᠡᠳᠡᠯᠭᠡ ᠶᠢ ᠡᠵᠡᠮᠰᠢᠬᠦᠯᠣᠭ᠍ᠰᠠᠨ ᠤ ᠬᠠᠮᠲᠤ ᠡᠩᠨᠡᠭᠡᠨ ᠤ ᠬᠤᠭᠤᠷᠣᠨᠳᠣᠬᠢ ᠬᠠᠮᠵᠢᠯᠴᠠᠨ ᠪᠠᠶᠢᠯᠳᠤᠬᠤ ᠴᠢᠳᠠᠪᠤᠷᠢ ᠶᠢ | ᠴᠢᠩᠭᠠᠷᠠᠭᠤᠯᠵᠤ᠂ ᠬᠤᠶᠢᠰᠢᠳᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠬᠡᠶᠢᠯᠡᠬᠦ ᠠᠵᠢᠯ ᠢ | ᠨᠠᠩ ᠰᠠᠶᠢᠲᠤᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |