ᠠᠩᠬᠠᠳᠣᠭᠠᠷ ᠣᠳᠠᠭᠠᠨ ᠤ ᠠᠵᠢᠯᠴᠢᠨ ᠠᠵᠢᠯᠲᠠᠨ ᠤ ︽ᠪᠠᠭᠤᠴᠠᠨ ᠴᠢᠯᠠᠭᠤ︾ ᠤᠷᠠᠨ ᠤᠩᠰᠢᠯᠭ᠎ᠠ ᠶᠢᠨ ᠣᠷᠣᠯᠳᠣᠭᠠᠨ ᠶᠠᠪᠤᠭᠳᠠᠪᠠ
ᠨᠡᠶᠢᠲᠡᠯᠡᠭᠰᠡᠨ ᠴᠠᠭ᠄
2025/4/14
     3 ᠰᠠᠷ᠎ᠠ ᠶᠢᠨ 29 ᠤ ᠡᠳᠦᠷ᠂ ᠬᠦᠪᠡᠭᠡᠳᠦ ᠰᠢᠷ᠎ᠠ ᠬᠤᠰᠢᠭᠤᠨ ᠤ ᠠᠩᠬᠠᠳᠣᠭᠠᠷ ᠣᠳᠠᠭᠠᠨ ᠤ ᠠᠵᠢᠯᠴᠢᠨ ᠠᠵᠢᠯᠲᠠᠨ ᠤ ︽ᠪᠠᠭᠤᠴᠠᠨ ᠴᠢᠯᠠᠭᠤ︾ ᠤᠷᠠᠨ ᠤᠩᠰᠢᠯᠭ᠎ᠠ ᠶᠢᠨ ᠣᠷᠣᠯᠳᠣᠭᠠᠨ ᠬᠤᠰᠢᠭᠤᠨ ᠤ ᠮᠡᠳᠡᠭᠡ ᠵᠠᠩᠭᠢᠵᠢᠭᠤᠯᠣᠯᠳᠠ ᠶᠢᠨ ᠲᠦᠪ ᠲᠤ ᠠᠮᠵᠢᠯᠳᠠ ᠲᠠᠢ ᠶᠠᠪᠣᠬᠳᠠᠵᠠᠢ᠃     ᠲᠣᠰ ᠣᠳᠠᠭᠠᠨ ᠤ ᠣᠷᠣᠯᠳᠣᠭᠠᠨ ᠢ ᠬᠤᠰᠢᠭᠤᠨ ᠤ ᠠᠵᠢᠯᠴᠢᠨ ᠤ ᠶᠡᠷᠣᠩᠬᠡᠢ ᠡᠪᠯᠡᠯ ᠪᠣᠯᠣᠨ ᠬᠤᠰᠢᠭᠤᠨ ᠤ ᠣᠳᠬ᠎ᠠ ᠣᠷᠠᠯᠢᠭ ᠤᠨ ᠬᠢᠨ ᠤ ᠬᠤᠯᠪᠣᠭ᠎ᠠ ᠠᠴᠠ ᠭᠤᠣᠯᠯᠠᠨ ᠡᠷᠭᠢᠯᠡᠵᠦ᠂ ᠬᠤᠰᠢᠭᠤᠨ ᠤ ᠮᠠᠯᠴᠢᠨ ᠵᠣᠭᠢᠶᠠᠯᠴᠢᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠠᠢ᠃ ᠤᠷᠤᠯᠳᠤᠭᠠᠨ ᠢ ᠣᠯᠣᠰ ᠤᠨ ᠨᠡᠶᠢᠳᠡᠮ ᠭᠡᠷᠡᠭᠯᠡᠭᠦ ᠦᠭᠡ ᠭᠡᠯᠡᠨ ᠤ ᠳᠣᠭᠤᠶᠢᠯᠠᠩ ᠪᠠ ᠮᠣᠩᠭᠤᠯ ᠬᠡᠯᠡᠨ ᠤ ᠳᠣᠭᠤᠶᠢᠯᠠᠩ ᠬᠤᠪᠢᠶᠠᠨ ᠶᠠᠪᠣᠬᠳᠠᠭᠤᠯᠵᠠᠢ᠃ ︽2017 ᠤᠨ ᠳᠤ ᠠᠩᠬᠠᠳᠤᠭᠠᠷ ᠤᠳᠠᠭᠠᠨ ᠤ ᠪᠦᠬᠦ ᠤᠷᠤᠨ ᠤ ᠴᠢᠨᠠᠷᠲᠠᠢ ︿ᠪᠠᠭᠤᠴᠠᠨ ᠴᠢᠯᠠᠭᠤ﹀ ᠰᠢᠯᠦᠭ ᠤᠨ ᠤᠷᠤᠯᠳᠤᠭᠠᠨ ᠢ ᠶᠠᠪᠤᠭᠳᠠᠭᠤᠯᠵᠤ ᠪᠠᠶᠢᠭᠰᠠᠨ︔ ᠳᠠᠷᠠᠭ᠎ᠠ ᠨᠢ ᠪᠢᠳᠡ ᠰᠤᠷᠭᠠᠭᠤᠯᠢ ᠶᠢᠨ ᠬᠦᠷᠢᠶᠡᠨ ᠳᠤ ᠰᠢᠯᠦᠭ ᠤᠷᠠᠨ ᠵᠤᠬᠢᠶᠠᠯ ᠤᠨ ᠬᠦᠳᠡᠯᠭᠡᠭᠡᠨ ᠦᠷᠨᠢᠬᠦᠯᠳᠡᠭ ᠪᠤᠯᠤᠭᠰᠠᠨ︔ ᠡᠨᠡ ᠤᠳᠠᠭ᠎ᠠ ᠠᠵᠢᠯᠴᠢᠨ ᠠᠵᠢᠯᠲᠠᠨ ᠤ ᠠᠵᠢᠯ  ᠤᠨ ᠶᠠᠳᠠᠷᠠᠭ᠎ᠠ ᠴᠢᠯᠡᠭᠡ ᠶᠢ ᠲᠠᠶᠢᠯᠵᠤ᠂ ᠤᠷᠮ᠎ᠠ ᠵᠤᠷᠢᠭ ᠢ ᠨᠢ ᠬᠦᠭᠵᠢᠭᠡᠬᠦ ᠵᠤᠷᠢᠯᠭ᠎ᠠ ᠪᠠᠷ ᠠᠩᠬᠠᠳᠤᠭᠠᠷ ᠤᠳᠠᠭᠠᠨ  ᠤ ᠠᠵᠢᠯᠴᠢᠨ ᠠᠵᠢᠯᠲᠠᠨ ᠤ ᠤᠷᠠᠨ ᠤᠩᠰᠢᠯᠭ᠎ᠠ ᠶᠢᠨ ᠤᠷᠤᠯᠳᠤᠭᠠᠨ ᠢ ᠡᠷᠬᠢᠯᠡᠭᠰᠡᠨ ᠶᠤᠮ︾ ᠭᠡᠵᠤ ᠭᠦᠪᠡᠭᠡᠳᠦ ᠰᠢᠷ᠎ᠠ ᠬᠤᠰᠢᠭᠤᠨ ᠤ ᠮᠠᠯᠴᠢᠨ ᠵᠣᠭᠢᠶᠠᠯᠴᠢᠳ ᠤᠨ ᠨᠡᠶᠢᠭᠡᠮᠯᠢᠭ ᠤᠨ ᠲᠡᠷᠢᠬᠦᠯᠡᠭᠴᠢ ᠵᠢᠷᠭᠠᠯᠳᠣ ᠶᠠᠷᠢᠯ᠎ᠠ᠃     ᠣᠷᠣᠯᠴᠠᠬᠰᠠᠳ ᠨᠢ ᠣᠷᠭᠢᠯᠣᠮ᠎ᠡ ᠬᠠᠯᠠᠭᠤᠨ ᠰᠡᠳᠭᠢᠯᠭᠡ ᠪᠠᠷ ᠡᠭᠡ ᠣᠯᠣᠰ᠂ ᠨᠣᠳᠤᠭ ᠣᠷᠣᠨ ᠳᠠᠭᠠᠨ ᠭᠢᠵᠠᠭᠠᠯᠠᠰᠢ ᠦᠭᠡᠢ ᠬᠠᠶᠢᠷᠠᠳᠠᠢ ᠪᠠᠶᠢᠭ᠎ᠠ ᠰᠡᠳᠭᠢᠯᠭᠡ ᠪᠠᠨ ᠢᠯᠡᠳᠭᠡᠵᠦ᠂ ᠠᠬᠤᠢ ᠲᠠᠯᠠᠪᠠᠢ ᠳᠤ ᠢᠷᠠᠭᠤ ᠨᠠᠶᠢᠷᠠᠭ  ᠤᠨ ᠬᠤᠷ᠎ᠠ ᠱᠠᠬᠢᠭᠤᠯᠵᠤ᠂ ᠬᠤᠷᠠᠬᠰᠠᠨ ᠦᠵᠡᠭᠴᠢᠳ ᠢᠶᠠᠨ ᠰᠢᠯᠦᠭ ᠤᠨ ᠰᠢᠳᠢ ᠪᠠᠷ ᠲᠣᠬᠳᠣᠯᠠᠭᠤᠯᠵᠠᠢ᠃ ᠣᠷᠣᠯᠳᠣᠭᠠᠨ ᠤ ᠡᠴᠦᠰ ᠲᠤ ᠳᠤᠭᠤᠶᠢᠯᠠᠩ ᠪᠦᠷᠢ ᠶᠢᠨ ᠨᠢᠭᠡ᠂ ᠬᠤᠶᠠᠷ᠂ ᠭᠤᠷᠪᠠᠳᠤᠭᠠᠷ ᠲᠤ ᠳᠤᠳᠤᠷᠠᠭᠰᠠᠨ ᠤᠶᠠᠩᠭᠠᠯᠠᠭᠴᠢ ᠪᠠ ᠰᠢᠯᠢᠳᠡᠭ ᠰᠢᠯᠦᠭᠴᠢᠨ ᠢ ᠰᠢᠯᠭᠠᠷᠠᠭᠤᠯᠣᠨ ᠱᠠᠩᠨᠠᠵᠡᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号