ᠤᠩᠭᠤᠨ ᠠᠭᠤᠯᠠ ᠰᠤᠮᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠵᠢᠴᠢ ᠤᠨᠤᠯ  ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ 2025 ᠣᠨ ᠤ ᠭᠤᠷᠪᠠᠳᠤᠭᠠᠷ  ᠣᠳᠠᠭᠠᠨ ᠤ  ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/14
     ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠭᠡᠰᠢᠭᠦᠨ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠤᠩᠭᠤᠨ ᠠᠭᠤᠯᠠ ᠰᠤᠮᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠵᠢᠴᠢ ᠤᠨᠤᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ 2025 ᠣᠨ ᠤ ᠭᠤᠷᠪᠠᠳᠤᠭᠠᠷ ᠣᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ ᠰᠤᠮᠤᠨ ᠤ ᠤᠳᠤᠷᠢᠳᠬᠤ ᠪᠠᠭ ᠤᠨ ᠬᠡᠰᠢᠭᠦᠨ᠂ ᠡᠯ᠎ᠡ ᠬᠠᠷᠢᠭᠤᠴᠠᠯᠭᠠᠲᠠᠨ ᠵᠢᠴᠢ ᠰᠤᠮᠤᠨ ᠤ ᠨᠠᠮ ᠤᠨ ᠭᠡᠰᠢᠭᠦᠨ ᠺᠠᠳ᠋ᠷ ᠲᠣᠰ ᠤᠳᠠᠭᠠᠨ ᠤ ᠨᠣᠮ ᠤᠩᠰᠢᠬᠤ ᠠᠩᠭᠢ  ᠳᠤ ᠣᠷᠣᠯᠴᠠᠪᠠ᠃     ᠨᠣᠮ ᠤᠩᠰᠢᠬᠤ ᠠᠩᠭᠢ ᠨᠢᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠬᠦ᠂ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠲᠥᠪ ᠬᠤᠷᠢᠶᠠᠨ ᠤ ᠨᠠᠢᠮᠠᠨ ᠲᠣᠭᠲᠠᠭᠠᠯ  ᠤᠨ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠨᠠᠶᠢᠳᠠᠪᠤᠷᠢᠵᠢᠭᠤᠯᠬᠤ ᠤᠬᠠᠮᠰᠠᠷ ᠢ ᠨᠢ ᠨᠡᠮᠡᠭᠳᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠲᠤᠬᠠᠢ ᠴᠢᠬᠤᠯᠠ ᠥᠭᠦᠯᠡᠯᠲᠡ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠶᠢ ᠲᠥᠪᠯᠡᠷᠡᠩᠭᠦᠢ ᠰᠤᠷᠤᠯᠴᠠᠬᠤ ᠶᠢᠨ ᠬᠠᠮᠲᠤ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢᠨ ᠣᠭ ᠵᠣᠬᠢᠶᠠᠯ ᠢ ᠤᠩᠰᠢᠵᠤ᠂ ᠬᠤᠷᠠᠯ ᠳᠤ ᠣᠷᠣᠯᠴᠠᠭᠰᠠᠳ ᠤᠨᠤᠯ ᠤᠨ ᠦᠨᠳᠦᠷᠴᠡ ᠠᠴᠠ ᠰᠤᠷᠲᠠᠯ ᠤᠨ ᠪᠠᠶᠢᠭᠤᠯᠤᠯᠲᠠ ᠶᠢᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠪᠣᠳᠠᠲᠠᠢ ᠠᠵᠢᠯ ᠳᠤ ᠪᠠᠲᠤ ᠴᠢᠩᠭ᠎ᠠ ᠤᠨᠤᠯ ᠤᠨ ᠲᠤᠯᠭᠠᠭᠤᠷᠢᠯᠠᠯ ᠬᠠᠩᠭᠠᠪᠠ᠃ ᠰᠤᠳᠤᠯᠤᠨ ᠶᠠᠷᠢᠯᠴᠠᠬᠤ ᠳᠤᠮᠳᠠ᠂ ᠬᠤᠷᠠᠯ ᠳᠤ ᠣᠷᠣᠯᠴᠠᠭᠰᠠᠳ ᠲᠣᠰ ᠪᠡᠶ᠎ᠡ ᠶᠢᠨ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ ᠢᠳᠡᠪᠬᠢᠲᠡᠶ ᠪᠠᠷ ᠶᠠᠷᠢᠯᠴᠠᠯᠭ᠎ᠠ ᠥᠷᠨᠢᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠲᠠᠭᠠᠯ ᠲᠠᠢ ᠬᠠᠷᠢᠴᠠᠭᠤᠯᠤᠨ ᠬᠦᠷᠦᠯᠴᠡᠬᠦ ᠥᠬᠡᠶ ᠲᠠᠯ᠎ᠠ ᠪᠠᠨ ᠡᠷᠢᠨ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠵᠢᠱᠢᠶᠡᠴᠢ ᠳᠠᠭᠠᠭᠤᠯᠬᠤ ᠦᠶᠯᠡᠳᠦᠯ ᠢᠶᠠᠨ ᠪᠠᠳᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠨ᠎ᠠ ᠭᠡᠵᠦ ᠰᠠᠨᠠᠯ ᠨᠢᠭᠡᠲᠡᠶ ᠢᠯᠡᠳᠬᠡᠪᠡ᠃ ᠰᠤᠮᠤᠨ ᠤ ᠨᠠᠮ ᠤᠨ ᠬᠤᠷᠢᠶᠠᠨ ᠤ ᠱᠦᠵᠢ ᠠᠭᠤᠯᠠ ᠳ᠋ᠦᠩᠨᠡᠯᠲᠡ ᠶᠢᠨ ᠶᠠᠷᠢᠶᠠᠨ ᠳᠠᠭᠠᠨ᠂ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠣᠣᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠪᠦᠬᠦ ᠨᠠᠮ ᠤᠨ ᠭᠡᠰᠢᠭᠦᠨ ᠺᠠᠳ᠋ᠷ ᠰᠤᠷᠤᠯᠴᠠᠯᠭ᠎ᠠ  ᠶᠢᠨ ᠦᠷ᠎ᠡ ᠪᠦᠲᠦᠭᠡᠯ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠣᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠠᠵᠢᠯ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ︔ ᠬᠠᠷᠢᠭᠤᠴᠠᠯᠭ᠎ᠠ ᠡᠭᠦᠷᠭᠡ ᠪᠠᠨ ᠴᠢᠩᠭᠠᠳᠬᠠᠨ᠂  ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠪᠡᠶ᠎ᠡ ᠶᠢᠨ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠠᠷ ᠪᠠᠷᠠᠬᠤ ᠦᠭᠡᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠰᠤᠷᠲᠠᠯ ᠤᠨ ᠪᠠᠶᠢᠭᠤᠯᠤᠯᠲᠠ ᠶᠢ ᠴᠤ ᠰᠠᠶᠢᠲᠤᠷ ᠠᠳᠬᠤᠬᠤ ᠬᠡᠷᠡᠭᠲᠡᠢ︔ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠲᠥᠪ ᠬᠤᠷᠢᠶᠠᠨ ᠤ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ᠲᠥᠪ ᠬᠤᠷᠢᠶᠠᠨ ᠤ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠣᠩᠭᠤᠨ ᠠᠭᠤᠯᠠ ᠰᠤᠮᠤᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠤᠩᠭᠤᠨ ᠠᠭᠤᠯᠠ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号