ᠣᠩᠭᠤᠨ ᠠᠭᠤᠯᠠ ᠰᠣᠮᠣᠨ ᠤ ᠮᠠᠯ ᠠᠵᠤ ᠠᠬᠤᠶ ᠶᠢᠨ ᠮᠡᠷᠭᠡᠵᠢᠯ ᠲᠥᠭᠡᠮᠡᠯᠵᠢᠬᠦᠯᠬᠦ ᠦᠶᠯᠡᠴᠢᠯᠡᠭᠡᠨ ᠤ ᠲᠥᠪ ᠨᠢ ᠬᠤᠰᠢᠭᠤᠨ ᠤ ᠭᠡᠭᠡᠯ ᠡᠪᠡᠳᠴᠢᠨ ᠤ  Rev . 1 ᠲᠠᠷᠢᠯᠭ᠎ᠠ ᠶᠢᠨ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/4/14
     ᠭᠡᠭᠡᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠬᠦᠯᠦᠨ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠭᠡᠭᠡᠯ ᠡᠪᠡᠳᠴᠢᠨ ᠤ Rev . 1 ᠲᠠᠷᠢᠯᠭ᠎ᠠ ᠶᠢᠨ ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠪᠠ᠃ ᠰᠣᠮᠣᠨ ᠤ ᠮᠠᠯ ᠠᠵᠤ ᠠᠬᠤᠶ ᠶᠢᠨ ᠮᠡᠷᠭᠡᠵᠢᠯ ᠲᠥᠭᠡᠮᠡᠯᠵᠢᠬᠦᠯᠬᠦ ᠦᠶᠯᠡᠴᠢᠯᠡᠭᠡᠨ ᠤ ᠲᠥᠪ ᠨᠢ ᠠᠵᠢᠯᠲᠠᠳ ᠢᠶᠠᠨ ᠵᠣᠬᠢᠶᠠᠨ ᠪᠠᠶᠢᠭᠤᠯᠵᠤ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃     ᠪᠣᠯᠪᠠᠰᠤᠷᠠᠯ ᠳᠡᠭᠡᠷ᠎ᠡ᠂ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ  ᠠᠴᠠ ᠸᠠᠺᠼᠢᠨ ᠤ ᠦᠶᠯᠡᠳᠪᠦᠷᠢ ᠶᠢᠨ ᠲᠤᠰᠬᠠᠶ ᠮᠡᠷᠭᠡᠵᠢᠯᠲᠡᠨ ᠢ ᠤᠷᠢᠵᠤ ᠭᠡᠭᠡᠯ ᠡᠪᠡᠳᠴᠢᠨ ᠤ ᠳᠡᠯᠭᠡᠷᠡᠬᠦ ᠣᠨᠴᠠᠯᠢᠭ᠂ ᠬᠤᠤᠷ ᠬᠥᠨᠥᠭᠡᠯ ᠵᠢᠴᠢ ᠭᠡᠭᠡᠯ ᠡᠪᠡᠳᠴᠢᠨ ᠤ  Rev . 1 ᠲᠠᠷᠢᠯᠭ᠎ᠠ ᠶᠢᠨ ᠣᠨᠴᠠᠯᠢᠭ᠂ ᠭᠤᠤᠯᠳᠠᠯᠭ᠎ᠠ ᠪᠠ ᠠᠩᠬᠠᠷᠬᠤ ᠵᠦᠶᠯᠡᠰ ᠢ ᠨᠠᠷᠢᠨ ᠲᠠᠶᠢᠯᠪᠤᠷᠢᠯᠠᠪᠠ᠃ ᠪᠣᠯᠪᠠᠰᠤᠷᠠᠯ ᠤᠨ ᠠᠭᠤᠯᠭ᠎ᠠ ᠶᠢ ᠪᠦᠷᠢᠨ ᠲᠡᠭᠦᠯᠳᠡᠷ ᠪᠥᠭᠡᠳ ᠪᠣᠳᠠᠲᠤ ᠬᠡᠷᠡᠭᠴᠡᠭᠡ ᠲᠠᠢ᠂ ᠣᠨᠣᠯ ᠤᠨ ᠮᠡᠳᠡᠯᠭᠡ ᠬᠢᠭᠡᠳ ᠪᠣᠳᠠᠲᠠᠶ ᠠᠵᠢᠯᠯᠠᠭᠠᠨ ᠤ ᠵᠢᠯᠣᠭᠤᠳᠣᠯᠭ᠎ᠠ ᠶᠢ ᠬᠠᠮᠲᠣᠳᠬᠠᠵᠦ᠂ ᠲᠤᠬᠠᠶ ᠶᠢᠨ ᠲᠠᠯᠠᠪᠠᠶ ᠶᠢᠨ ᠦᠵᠡᠭᠦᠯᠭᠡ ᠪᠠᠷ ᠳᠠᠮᠵᠢᠨ᠂ ᠪᠣᠯᠪᠠᠰᠤᠷᠠᠯ ᠳᠤ ᠣᠷᠣᠯᠴᠠᠬᠤ ᠬᠥᠮᠦᠰ ᠲᠤ ᠭᠡᠭᠡᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢᠨ ᠴᠢᠬᠤᠯᠠ ᠴᠢᠨᠠᠷ ᠵᠢᠴᠢ ᠲᠠᠷᠢᠯᠭ᠎ᠠ  ᠶᠢ ᠵᠥᠪ ᠬᠡᠷᠡᠭᠯᠡᠬᠦ ᠵᠠᠩᠭᠢᠯᠠᠭ᠎ᠠ ᠶᠢᠨ ᠭᠤᠭᠴᠤᠭ᠎ᠠ ᠶᠢ ᠭᠦᠨᠵᠡᠭᠡᠶ ᠣᠶᠢᠯᠠᠭᠠᠭᠤᠯᠪᠠ᠃     ᠲᠣᠰ ᠤᠳᠠᠭᠠᠨ ᠤ ᠪᠣᠯᠪᠠᠰᠤᠷᠠᠯ ᠨᠢ ᠰᠣᠮᠣᠨ ᠤ ᠮᠠᠯ ᠠᠵᠤ ᠠᠬᠤᠶ ᠶᠢᠨ ᠮᠡᠷᠭᠡᠵᠢᠯ ᠲᠥᠭᠡᠮᠡᠯᠵᠢᠬᠦᠯᠬᠦ ᠦᠶᠯᠡᠴᠢᠯᠡᠭᠡᠨ ᠤ ᠲᠥᠪ ᠤᠨ ᠠᠵᠢᠯᠲᠠᠨ ᠤ  ᠭᠡᠭᠡᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠲᠠᠨᠢᠯᠲᠠ ᠶᠢ ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠣᠯᠠᠨ ᠤ ᠭᠡᠭᠡᠯ ᠡᠪᠡᠳᠴᠢᠨ ᠤ Rev . 1 ᠲᠠᠷᠢᠯᠭ᠎ᠠ ᠶᠢᠨ ᠬᠡᠷᠡᠭᠯᠡᠭᠡᠨ ᠤ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠪᠣᠯᠪᠠᠰᠤᠷᠠᠯ ᠨᠢ ᠮᠠᠰᠢ ᠴᠢᠩᠭ᠎ᠠ ᠴᠢᠭᠯᠡᠭᠦᠯᠦᠯᠲᠦ ᠴᠢᠨᠠᠷ ᠪᠠ ᠬᠡᠷᠡᠭᠯᠡᠭᠡᠨ ᠤ ᠴᠢᠨᠠᠷ ᠲᠠᠢ ᠪᠠᠶᠢᠵᠤ᠂ ᠬᠤᠶᠢᠰᠢᠳᠠ ᠶᠢᠨ ᠰᠣᠮᠣᠨ ᠤ ᠬᠡᠪᠴᠢᠶᠡᠨ ᠳᠤ ᠭᠡᠭᠡᠯ ᠡᠪᠡᠳᠴᠢᠨ ᠢ ᠰᠡᠷᠭᠡᠶᠢᠯᠡᠨ  ᠬᠢᠵᠠᠭᠠᠷᠯᠠᠬᠤ ᠠᠵᠢᠯ ᠥᠷᠨᠢᠭᠦᠯᠬᠦ ᠳᠤ ᠬᠦᠴᠦᠲᠡᠶ ᠳᠡᠮᠵᠢᠯᠭᠡ ᠬᠠᠩᠭᠠᠪᠠ᠃     ᠣᠩᠭᠤᠨ ᠠᠭᠤᠯᠠ ᠰᠣᠮᠣᠨ ᠤ ᠮᠠᠯ ᠠᠵᠤ ᠠᠬᠤᠶ ᠶᠢᠨ ᠮᠡᠷᠭᠡᠵᠢᠯ ᠲᠥᠭᠡᠮᠡᠯᠵᠢᠬᠦᠯᠬᠦ ᠦᠶᠯᠡᠴᠢᠯᠡᠭᠡᠨ ᠤ ᠲᠥᠪ  ᠨᠢ ᠲᠣᠰ ᠤᠳᠠᠭᠠᠨ ᠤ ᠪᠣᠯᠪᠠᠰᠤᠷᠠᠯ ᠢᠶᠠᠷ ᠲᠣᠬᠢᠶᠠᠯ ᠪᠣᠯᠭᠠᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠣᠷᠢᠵᠢᠭᠤᠯᠣᠨ᠂ ᠬᠤᠶᠢᠰᠢᠳᠠ ᠪᠢᠳᠡ ᠮᠠᠯᠵᠢᠬᠤ ᠡᠷᠦᠬᠡ ᠳᠤ ᠭᠡᠭᠡᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠢᠳᠡᠪᠬᠢᠲᠡᠶ ᠤᠬᠠᠭᠤᠯᠵᠤ᠂ ᠭᠡᠭᠡᠯ ᠡᠪᠡᠳᠴᠢᠨ ᠤ Rev . 1 ᠲᠠᠷᠢᠯᠭ᠎ᠠ ᠶᠢᠨ ᠵᠥᠪ ᠬᠡᠷᠡᠭᠯᠡᠯᠲᠡ ᠶᠢ ᠳᠡᠯᠭᠡᠷᠡᠭᠦᠯᠦᠨ᠂ ᠰᠣᠮᠣᠨ ᠤ ᠮᠠᠯ ᠠᠵᠤ ᠠᠬᠤᠶ  ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠣᠩᠭᠤᠨ ᠠᠭᠤᠯᠠ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号