3 ᠳ᠋ᠤᠭᠠᠷ ᠰᠠᠷ᠎ᠠ ᠶᠢᠨ 24 ᠤ ᠡᠳᠦᠷ᠂ ᠪᠠᠶᠠᠨᠲᠠᠯ᠎ᠠ ᠪᠠᠯᠭᠠᠰᠤᠨ ᠤ ᠨᠠᠮ ᠤᠨ ᠬᠤᠷᠢᠶ᠎ᠠ ᠬᠤᠷᠠᠯ | ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ | ᠤᠨ ᠬᠤᠷᠢᠶᠠᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ᠂ | ᠬᠤᠰᠢᠭᠤ ᠨᠠᠮ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ 《 ᠪᠥᠬᠦ ᠬᠤᠰᠢᠭᠤᠨ ᠳᠤ ᠲᠥᠪ ᠤᠨ ᠨᠠᠶᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ | ᠥᠷᠨᠢᠭᠦᠯᠬᠦ ᠲᠤᠬᠠᠶ ᠲᠥᠰᠦᠯ 》 ᠢ ᠤᠯᠠᠮᠵᠢᠯᠠᠨ ᠰᠣᠷᠣᠯᠴᠠᠨ᠂ ᠪᠥᠬᠦ ᠪᠠᠯᠭᠠᠰᠤᠨ ᠳᠤ ᠲᠥᠪ ᠤᠨ ᠨᠠᠶᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ | ᠪᠠᠶᠢᠷᠢᠯᠠᠭᠤᠯᠤᠯᠲᠠ ᠬᠢᠪᠠ᠃ ᠪᠦᠬᠦ ᠺᠠᠳ᠋ᠷ ᠠᠵᠢᠯᠲᠠᠳ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ | ᠳᠤ ᠣᠷᠣᠯᠴᠠᠪᠠ ᠃ | ᠬᠤᠷᠠᠯ ᠠᠴᠠ ᠵᠢᠭᠠᠨ ᠭᠠᠷᠭᠠᠭᠰᠠᠨ ᠨᠢ ᠂ ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠰᠢᠨ᠎ᠡ ᠴᠠᠭ ᠦᠶ᠎ᠡ ᠳᠤ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠴᠢᠬᠤᠯᠠ ᠦᠢᠯᠡᠳᠦᠯᠭᠡ ᠮᠥᠨ᠂ ᠭᠤᠣᠯ ᠰᠡᠳᠦᠪᠲᠦ | ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ | ᠠᠷᠭ᠎ᠠ ᠬᠡᠮᠵᠢᠶ᠎ᠡ ᠮᠥᠨ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠨᠢ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ᠂ | ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠲᠠᠰᠤᠷᠠᠯᠲᠠ ᠦᠭᠡᠢ | ᠴᠢᠩᠭᠠᠳᠬᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠷ ᠨᠡᠶᠢᠭᠡᠮ ᠤᠨ ᠬᠤᠪᠢᠰᠬᠠᠯ ᠢ ᠬᠦᠳᠦᠯᠦᠨ ᠳᠠᠭᠠᠭᠤᠯᠬᠤ ᠤᠬᠠᠮᠰᠠᠷᠲᠤ | ᠴᠢᠨᠠᠷ᠂ ᠡᠷᠡᠰ ᠪᠠᠲᠤ ᠴᠢᠨᠠᠷ ᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠭᠤᠣᠯ ᠰᠢᠵᠢᠮ ᠳᠤ | ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ 《 ᠲᠠᠪᠤᠨ ᠶᠡᠭᠡ ᠡᠭᠦᠷᠭᠡ 》 ᠶᠢ ᠪᠡᠶᠡᠯᠡᠭᠦᠯᠬᠦ᠂ | 《 ᠵᠢᠷᠭᠤᠭᠠᠨ ᠢᠨᠵᠧᠨᠧᠷᠢᠩ 》 ᠢ ᠬᠡᠷᠡᠭᠵᠢᠭᠦᠯᠬᠦ᠂ 《 ᠵᠢᠷᠭᠤᠭᠠᠨ ᠠᠵᠢᠯᠯᠠᠭ᠎ᠠ 》 ᠶᠢ ᠥᠷᠨᠢᠭᠦᠯᠬᠦ ᠳᠤ | ᠬᠦᠴᠦᠲᠡᠢ ᠪᠠᠲᠤᠯᠠᠭ᠎ᠠ ᠬᠠᠩᠭᠠᠨ᠎ᠠ᠃ | ᠬᠤᠷᠠᠯ ᠠᠴᠠ ᠴᠢᠬᠤᠯᠠᠴᠢᠯᠠᠭᠰᠠ ᠨᠢ ᠂ ᠰᠤᠷᠤᠯᠴᠠᠵᠥ ᠰᠤᠳᠤᠯᠤᠨ ᠶᠠᠷᠢᠯᠴᠠᠬᠤ ᠪᠠᠨ ᠴᠢᠩᠭᠠᠳᠬᠠᠵᠤ᠂ | ᠰᠢᠰᠲ᠋ᠧᠮ ᠲᠠᠢ ᠪᠦᠬᠦ ᠲᠠᠯ᠎ᠠ ᠶᠢᠨ ᠰᠤᠷᠤᠯᠴᠠᠬᠤ ᠲᠥᠯᠥᠪᠯᠡᠭᠡ ᠲᠣᠭᠲᠠᠭᠠᠵᠤ᠂ ᠨᠠᠮ ᠤᠨ ᠭᠡᠰᠢᠭᠦᠨ ᠺᠠᠳ᠋ᠷ ᠢ ᠵᠣᠬᠢᠶᠠᠨ | ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠬᠡᠷᠡᠭᠲᠡᠢ᠃ ᠣᠯᠠᠨ ᠵᠦᠶᠯ ᠤᠨ ᠠᠷᠭ᠎ᠠ ᠵᠠᠮ ᠲᠠᠢ ᠤᠶᠠᠯᠳᠤᠭᠤᠯᠤᠨ᠂ | ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ | ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠭᠦᠨᠵᠡᠭᠡᠶ ᠪᠠᠶᠢᠴᠠᠭᠠᠨ ᠡᠷᠢᠵᠦ᠂ ᠲᠡᠷᠡ ᠳᠠᠷᠤᠶ | ᠳᠤᠨᠢ ᠪᠠᠶᠢᠴᠠᠭᠠᠵᠤ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ | ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ ᠃ | ᠬᠤᠷᠠᠯ ᠤᠨ ᠳᠠᠷᠠᠭ᠎ᠠ᠂ ᠪᠥᠬᠦ ᠪᠠᠯᠭᠠᠰᠤᠨ ᠤ 23 ᠨᠠᠮ ᠤᠨ ᠡᠭᠦᠷ ᠲᠣᠰ ᠲᠣᠰ ᠨᠠᠮ ᠤᠨ ᠭᠡᠰᠢᠭᠦᠳ ᠤᠨ | ᠶᠡᠭᠡ ᠬᠤᠷᠠᠯ ᠬᠤᠷᠠᠯᠳᠤᠭᠤᠯᠵᠤ᠂ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠥᠬᠦᠶ ᠠᠵᠢᠯ ᠢ ᠢᠳᠡᠪᠬᠢᠲᠡᠶ ᠪᠠᠶᠢᠷᠢᠯᠠᠭᠤᠯᠪᠠ ᠃ | |