ᠪᠠᠶᠠᠨᠲᠠᠯ᠎ᠠ ᠪᠠᠯᠭᠠᠰᠤᠨ ᠤ ᠡᠯ᠎ᠡ ᠨᠠᠮ ᠤᠨ ᠡᠭᠦᠷ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/14
     ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠪᠠᠶᠠᠨᠲᠠᠯ᠎ᠠ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠪᠠ ᠡᠯ᠎ᠡ ᠭᠠᠴᠠᠭᠠᠨ ᠤ ᠨᠠᠮ ᠤᠨ ᠡᠭᠦᠷ ᠵᠠᠯᠭᠠᠭ᠎ᠠ ᠪᠠᠷ 2024 ᠣᠨ ᠤ ᠵᠣᠬᠢᠶᠠᠨ ᠪᠠᠶᠢᠭᠤᠯᠤᠯᠲᠠ  ᠶᠢᠨ ᠠᠮᠢᠳᠤᠷᠠᠯ ᠤᠨ ᠬᠤᠷᠠᠯ ᠪᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠥᠷᠨᠢᠭᠦᠯᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠭᠠᠴᠠᠭᠠᠨ ᠳᠤ ᠪᠠᠭᠤᠭᠰᠠᠨ ᠺᠠᠳ᠋ᠷ ᠳᠠᠭᠠᠭᠠᠴᠢᠯᠠᠨ ᠬᠠᠷᠢᠯᠴᠠᠬᠤ ᠭᠠᠴᠠᠭᠠᠨ ᠤ ᠬᠢᠨ ᠨᠠᠮ ᠤᠨ ᠡᠭᠦᠷ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠠᠴᠠ ᠡᠮᠦᠨ᠎ᠡ᠂ ᠡᠯ᠎ᠡ ᠨᠠᠮ ᠤᠨ ᠡᠭᠦᠷ ᠨᠠᠷᠢᠨ ᠨᠢᠮᠪᠠᠶ ᠵᠣᠬᠢᠶᠠᠨ ᠪᠠᠶᠢᠭᠤᠯᠤᠨ ᠰᠤᠷᠤᠯᠴᠠᠵᠤ᠂ ᠬᠠᠮᠲᠤ  ᠶᠢᠨ ᠰᠤᠷᠤᠯᠴᠠᠯᠭ᠎ᠠ ᠪᠠ ᠬᠤᠪᠢ ᠬᠥᠮᠦᠨ ᠥᠪᠡᠷ ᠢᠶᠠᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠣᠷᠣᠯᠴᠠᠨ᠂ ᠨᠠᠮ ᠤᠨ ᠲᠦᠷᠢᠮ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠠᠯᠠᠭᠤᠯᠬᠤ ᠶᠢ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ  ᠤᠨ ᠬᠤᠷᠠᠯ ᠳᠤ ᠢᠮᠠᠭᠲᠠ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠥᠷᠨᠢᠭᠦᠯᠬᠦ ᠳᠤ ᠦᠵᠡᠯ ᠰᠠᠨᠠᠭ᠎ᠠ ᠣᠨᠣᠯ ᠤᠨ ᠰᠠᠭᠤᠷᠢ ᠲᠠᠯᠪᠢᠪᠠ᠃      ᠬᠤᠷᠠᠯ ᠳᠡᠭᠡᠷ᠎ᠡ᠂ ᠡᠯ᠎ᠡ ᠨᠠᠮ ᠤᠨ ᠡᠭᠦᠷ ᠤᠨ ᠱᠦᠵᠢ 2024 ᠣᠨ ᠤ ᠨᠠᠮ ᠤᠨ ᠡᠭᠦᠷ ᠤᠨ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠨᠠᠮ ᠤᠨ ᠡᠭᠦᠷ ᠤᠨ ᠬᠤᠷᠢᠶ᠎ᠠ ᠤᠨ ᠠᠰᠠᠭᠤᠳᠠᠯ ᠢ ᠪᠠᠶᠢᠴᠠᠭᠠᠨ ᠳᠡᠯᠭᠡᠬᠦ ᠵᠡᠷᠭᠡ ᠲᠠᠯ᠎ᠠ ᠶᠢᠨ ᠪᠠᠶᠢᠳᠠᠯ ᠢ ᠮᠡᠳᠡᠭᠳᠡᠵᠦ᠂ ᠨᠠᠮ ᠤᠨ ᠭᠡᠰᠢᠭᠦᠳ ᠢ ᠢᠳᠡᠪᠬᠢᠲᠡᠶ ᠵᠣᠬᠢᠶᠠᠨ ᠪᠠᠶᠢᠭᠤᠯᠵᠤ ᠭᠦᠨᠵᠡᠭᠡᠶ  ᠶᠠᠷᠢᠯᠴᠠᠨ᠂ ᠬᠠᠷᠭᠤᠭᠤᠯᠤᠨ ᠪᠠᠶᠢᠴᠠᠭᠠᠵᠤ ᠳᠡᠯᠭᠡᠬᠦ ᠶᠢᠨ ᠬᠠᠮᠲᠤ ᠠᠷᠠᠳᠴᠢᠯᠠᠯ ᠢᠶᠠᠷ ᠦᠨᠡᠯᠡᠯᠲᠡ ᠬᠢᠵᠦ᠂ ᠪᠠᠯᠭᠠᠰᠤᠨ  ᠤ ᠨᠠᠮ ᠵᠠᠰᠠᠭ ᠤᠨ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ ᠨᠠᠮ ᠤᠨ ᠡᠭᠦᠷ ᠤᠨ 2024 ᠣᠨ ᠤ ᠠᠵᠢᠯ ᠳᠤ ᠦᠨᠡᠯᠡᠯᠲᠡ ᠬᠢᠵᠦ᠂ ᠡᠯ᠎ᠡ ᠭᠠᠴᠠᠭᠠᠨ ᠤ ᠨᠠᠮ ᠤᠨ ᠡᠭᠦᠷ ᠤᠨ ᠲᠠᠷᠠᠭᠠᠴᠢ ᠶᠢᠨ ᠠᠯᠬᠤᠮ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃      ᠬᠤᠷᠠᠯ ᠤᠨ ᠳᠠᠷᠠᠭ᠎ᠠ᠂ ᠡᠯ᠎ᠡ ᠨᠠᠮ ᠤᠨ ᠡᠭᠦᠷ ᠨᠠᠮ ᠤᠨ ᠭᠡᠰᠢᠭᠦᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠵᠦᠶᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠪᠣᠳᠠᠲᠠᠶ ᠠᠯᠬᠤᠮ ᠳᠠᠷᠠᠭ᠎ᠠ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭ᠎ᠠ ᠶᠢᠨ ᠬᠤᠪᠢᠶᠠᠷᠢᠯᠠᠯ ᠢ  ᠲᠣᠳᠣᠷᠬᠠᠶᠢᠯᠠᠨ᠂ ᠴᠢᠩᠭ᠎ᠠ ᠴᠡᠭᠴᠡᠯᠡᠨ ᠰᠠᠶᠢᠵᠢᠷᠠᠭᠤᠯᠵᠤ ᠨᠠᠶᠢᠳᠠᠪᠦᠷᠢᠵᠢᠭᠤᠯᠬᠤ ᠶᠢ ᠪᠡᠶᠡᠯᠡᠭᠦᠯᠦᠨ᠎ᠡ᠃ ᠲᠠᠷᠠᠭᠠᠴᠢ ᠶᠢᠨᠠᠯᠬᠤᠮ ᠳᠤ ᠡᠨᠡ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠭᠰᠡᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠬᠡᠷᠡᠭᠯᠡᠨ ᠦᠢᠯᠡᠳᠦᠯᠭᠡ ᠶᠢ ᠵᠢᠯᠣᠭᠤᠳᠤᠨ ᠥᠷᠨᠢᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ  ᠶᠢᠨ ᠤᠬᠠᠮᠰᠠᠷ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠷᠠᠳ ᠲᠦᠮᠡᠨ ᠳᠤ ᠦᠢᠯᠡᠴᠢᠯᠡᠵᠦ ᠪᠡᠷᠬᠡ ᠰᠡᠳᠦᠪ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠦᠷᠭᠦᠯᠵᠢᠯᠡᠨ ᠬᠤᠪᠢᠷᠠᠭᠤᠯᠣᠨ᠂ ᠨᠠᠮ ᠤᠨ ᠡᠭᠦᠷ ᠤᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ 
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号