ᠪᠠᠶᠠᠨᠲᠠᠯ᠎ᠠ ᠪᠠᠯᠭᠠᠰᠤ ᠬᠠᠩᠰᠢ ᠶᠢᠨ ᠬᠤᠭᠤᠴᠠᠭᠠᠨ ᠳᠠᠬᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/14
     ᠬᠠᠷᠢᠶᠠᠲᠤ ᠣᠷᠣᠨ ᠤ ᠠᠵᠤ ᠠᠬᠤᠶᠢᠯᠠᠯ᠂ ᠡᠯ᠎ᠡ ᠭᠠᠴᠠᠭᠠᠨ ᠤ ᠥᠷᠭᠡᠨ ᠣᠯᠠᠨ  ᠮᠠᠯᠴᠢᠨ ᠲᠥᠮᠡᠨ ᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠪᠠᠯᠭᠠᠰᠤ ᠬᠠᠷᠢᠶᠠᠲᠤ ᠣᠷᠣᠨ ᠳᠤ ᠭᠦᠨᠵᠡᠭᠡᠶᠢᠷᠡᠨ ︽ᠬᠠᠩᠰᠢ︾ ᠠᠴᠠ ᠡᠮᠦᠨᠡᠬᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃      ᠠᠵᠢᠯᠯᠠᠭᠠᠨ ᠳᠤᠮᠳᠠ᠂ ᠠᠵᠢᠯᠲᠠᠳ ᠠᠴᠠ ᠮᠠᠯᠴᠢᠳ ᠲᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠬᠤᠯᠠ ᠴᠢᠨᠠᠷ ᠢ ᠨᠠᠷᠢᠨ ᠲᠠᠶᠢᠯᠪᠤᠷᠢᠯᠠᠬᠤ ᠶᠢᠨ ᠬᠠᠮᠲᠤ᠂ ᠣᠶᠢᠷ᠎ᠠ ᠶᠢᠨ ᠵᠢᠯ ᠳᠤ ᠭᠠᠷᠤᠭᠰᠠᠨ ᠭᠠᠯ ᠠᠯᠳᠠᠭᠰᠠᠨ ᠬᠡᠷᠡᠭ ᠤᠨ ᠵᠢᠱᠢᠶ᠎ᠡ ᠪᠠᠷ᠂ ᠠᠵᠤ ᠠᠬᠤᠶᠢᠯᠠᠯ᠂ ᠮᠠᠯᠴᠢᠳ ᠲᠤ ᠭᠠᠯ ᠠᠯᠳᠠᠬᠤ ᠶᠢᠨ ᠳᠠᠯᠳᠠ ᠬᠡᠮ  ᠬᠤᠤᠷ ᠬᠥᠨᠦᠭᠡᠯ ᠢ ᠭᠦᠨᠵᠡᠭᠡᠢ  ᠲᠠᠨᠢᠭᠤᠯᠪᠠ᠃ ᠡᠭᠦᠨ ᠤ ᠬᠠᠮᠲᠤ ᠵᠠᠮ ᠬᠠᠷᠢᠯᠴᠠᠭᠠᠨ ᠤ ᠵᠠᠮ ᠤᠨ ᠠᠭᠤᠯᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠭᠠᠵᠠᠷ ᠲᠤ ᠰᠡᠷᠡᠮᠵᠢ ᠶᠢᠨ ᠬᠥᠨᠳᠡᠯᠡᠨ ᠪᠢᠴᠢᠭᠡᠰᠦ ᠡᠯᠭᠦᠵᠦ᠂ ᠸᠢᠴᠠᠲ ᠤᠨ ᠪᠦᠯᠦᠭ ᠢ ᠠᠰᠢᠭᠯᠠᠨ ᠬᠠᠩᠰᠢ ᠶᠢᠨ ᠬᠤᠭᠤᠴᠠᠭᠠᠨ ᠳᠠᠬᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠦᠬᠦᠢ ᠮᠡᠳᠡᠯᠭᠡ ᠪᠠ ᠠᠩᠬᠠᠷᠬᠤ ᠵᠦᠢᠯᠡᠰ ᠢ ᠬᠦᠷᠭᠡᠨ ᠥᠭᠴᠦ᠂ ᠠᠵᠤ ᠠᠬᠤᠶᠢᠯᠠᠯ᠂ ᠮᠠᠯᠴᠢᠳ ᠲᠤ ᠭᠠᠯ ᠰᠡᠷᠭᠡᠶᠢᠯᠡᠬᠦ ᠦᠵᠡᠯ ᠤᠬᠠᠮᠰᠠᠷ ᠢᠶᠠᠨ ᠴᠠᠭ ᠢᠮᠠᠭᠲᠠ ᠳᠡᠭᠡᠭᠰᠢᠯᠡᠭᠦᠯᠵᠦ᠂ ᠬᠠᠩᠰᠢ ᠶᠢᠨ ᠦᠶ᠎ᠡ ᠶᠢᠨ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢ ᠰᠠᠨᠠᠭᠤᠯᠪᠠ᠃ ᠡᠭᠦᠨ ᠤ ᠵᠡᠷᠭᠡ ᠳᠤ ᠥᠷᠭᠡᠨ ᠣᠯᠠᠨ ᠮᠠᠯᠴᠢᠨ ᠲᠦᠮᠡᠨ  ᠢ ᠬᠠᠩᠰᠢ  ᠶᠢᠨ ᠬᠤᠭᠤᠴᠠᠭᠠᠨ ᠳᠤ ᠪᠣᠯᠪᠠᠰᠤᠨ ᠢᠶᠠᠷ ᠳᠠᠬᠢᠯᠭ᠎ᠠ ᠬᠢᠵᠦ᠂ ᠲᠠᠯ᠎ᠠ ᠨᠤᠲᠤᠭ᠂ ᠠᠭᠤᠯᠠᠷᠬᠠᠭ ᠭᠠᠵᠠᠷ ᠵᠡᠷᠭᠡ ᠭᠠᠯ ᠤᠨ ᠭᠠᠮᠰᠢᠭ ᠤᠨ ᠳᠠᠯᠳᠠ ᠬᠡᠮ ᠣᠷᠣᠰᠢᠵᠤ ᠪᠠᠶᠢᠭ᠎ᠠ ᠭᠠᠵᠠᠷ ᠲᠤ ᠴᠠᠭᠠᠰᠤᠨ ᠵᠣᠭᠤᠰ ᠰᠢᠲᠠᠭᠠᠵᠤ᠂ ᠲᠠᠬᠢᠯᠭ᠎ᠠ  ᠶᠢᠨ ᠡᠳ᠋ ᠠᠰᠬᠠᠵᠤ ᠪᠣᠯᠬᠤ ᠦᠭᠡᠢ ᠭᠡᠵᠦ ᠰᠠᠨᠠᠭᠠᠴᠢᠯᠠᠵᠠᠢ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠠᠭᠤᠷ ᠠᠮᠢᠰᠬᠤᠯ ᠢ ᠪᠣᠶ  ᠪᠤᠯᠭᠠᠨ᠂ ᠬᠠᠩᠰᠢ ᠶᠢᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠬᠢᠵᠢᠭᠦᠯᠪᠡ᠃
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号