ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ ᠠᠴᠠ 10 ᠤ ᠡᠳᠦᠷ | ᠪᠣᠯᠲᠠᠯ᠎ᠠ᠂ ᠪᠠᠶᠠᠨᠲᠠᠯ᠎ᠠ ᠪᠠᠯᠭᠠᠰᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 | ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ( ᠥᠷᠭᠡᠳᠬᠡᠭᠰᠡᠨ ) ᠵᠢᠴᠢ ᠲᠥᠪ | ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ | ᠤᠩᠰᠢᠬᠤ ᠠᠩᠭᠢ ᠶᠢ ᠵᠣᠬᠢᠶᠠᠨ ᠪᠠᠶᠢᠭᠤᠯᠤᠨ ᠡᠷᠬᠢᠯᠡᠵᠦ᠂ ᠪᠥᠬᠦ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃ | ᠨᠣᠮ ᠤᠩᠰᠢᠬᠤ ᠠᠩᠬᠢ ᠨᠢ ᠱᠦᠵᠢ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ | ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠶᠠᠪᠣᠭᠳᠠᠵᠣ᠂ ᠰᠤᠷᠤᠯᠴᠠᠯᠭ᠎ᠠ ᠶᠢᠨ ᠬᠤᠭᠤᠴᠠᠭᠠᠨ ᠳᠤ᠂ | 《 ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ | ᠲᠡᠭᠦᠪᠦᠷᠢ 》᠂ ᠲᠥᠪ ᠤᠨ ᠨᠠᠢᠮᠠᠨ ᠲᠣᠭᠲᠠᠭᠠᠯ ᠤᠨ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ | ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠤᠣᠯᠳᠠᠯᠭ᠎ᠠ | ᠲᠠᠢ ᠰᠤᠷᠤᠯᠴᠠᠵᠥ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠰᠡᠨ ᠪᠥᠭᠡᠳ《 ᠰᠢ ᠶᠢᠨ ᠫᠢᠩ ᠤᠨ ᠨᠠᠮ | ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ 》 ᠶᠢᠨ ᠲᠣᠭᠤᠷᠢᠨ ᠳᠤ | ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠭᠦᠨᠵᠡᠭᠡᠢ | ᠰᠣᠯᠢᠯᠴᠠᠵᠤ ᠰᠤᠳᠤᠯᠤᠨ ᠶᠠᠷᠢᠯᠴᠠᠪᠠ ᠃ | ᠲᠣᠰ ᠤᠳᠠᠭᠠᠨ ᠤ ᠨᠣᠮ ᠤᠩᠰᠢᠬᠤ ᠠᠩᠭᠢ ᠳᠤ ᠴᠢᠬᠤᠯᠠᠴᠢᠯᠠᠭᠰᠠᠨ ᠨᠢ᠂ ᠨᠢᠭᠡ ᠳᠤ ᠵᠣᠭᠰᠣᠴᠠ ᠪᠠᠨ | ᠳᠡᠭᠡᠭᠰᠢᠯᠡᠭᠦᠯᠵᠦ ᠲᠠᠨᠢᠯᠲᠠ ᠪᠠᠨ ᠨᠢᠭᠡᠳᠬᠡᠬᠦ ᠬᠡᠷᠡᠭᠲᠡᠶ᠃ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭᠠᠨ ᠤ | ᠭᠤᠤᠯ ᠠᠭᠤᠯᠭ᠎ᠠ᠂ ᠦᠶᠯᠡᠳᠦᠯᠭᠡ ᠶᠢᠨ ᠠᠷᠭ᠎ᠠ ᠪᠠᠷᠢᠯ ᠢ ᠣᠨᠣᠪᠴᠢᠲᠠᠶ ᠡᠵᠡᠮᠰᠢᠵᠦ᠂ ᠣᠭ ᠨᠣᠮ ᠢ ᠤᠩᠰᠢᠵᠤ᠂ | ᠣᠭ ᠵᠣᠬᠢᠶᠠᠯ ᠢ ᠰᠣᠷᠣᠯᠴᠠᠨ᠂ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠪᠠᠷᠢᠮᠵᠢᠶᠠᠯᠠᠨ | ᠬᠠᠷᠭᠤᠭᠤᠯᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠢᠲᠡᠭᠡᠯ ᠪᠢᠰᠢᠷᠡᠯ ᠢᠶᠠᠨ ᠲᠠᠰᠤᠷᠠᠯᠲᠠ ᠥᠬᠡᠶ ᠪᠠᠲᠤᠳᠬᠠᠨ᠂ | ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠬᠤ ᠬᠥᠮᠦᠵᠢᠯ ᠢ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ | ᠲᠠᠢ ᠡᠭᠦᠷᠭᠡ ᠪᠣᠯᠭᠠᠵᠤ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ 《 ᠬᠤᠶᠠᠷ ᠢ ᠲᠣᠭᠲᠠᠭᠠᠬᠤ 》 ᠶᠢ ᠦᠨᠡᠨᠴᠢ ᠪᠠᠷ ᠬᠦᠷᠢᠶᠡᠯᠡᠵᠦ᠂ 《 | ᠬᠤᠶᠠᠷ ᠢ ᠬᠠᠮᠠᠭᠠᠯᠠᠬᠤ 》 ᠶᠢ ᠦᠨᠡᠨᠴᠢ ᠪᠠᠷ ᠦᠶᠯᠡᠳᠦᠯᠭᠡᠵᠢᠭᠦᠯᠬᠦ ᠬᠡᠷᠡᠭᠲᠡᠶ᠃ ᠬᠤᠶᠠᠷ ᠲᠤ ᠦᠨᠡᠨ ᠬᠦ ᠠᠳᠬᠤᠵᠤ | ᠪᠣᠳᠠᠲᠠᠢ ᠪᠠᠷ ᠬᠢᠵᠦ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠪᠥᠬᠦ ᠨᠠᠮ ᠤᠨ ᠭᠡᠰᠢᠭᠦᠨ ᠺᠠᠳ᠋ᠷ ᠨᠠᠮᠴᠢ | ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠨᠠᠮ ᠣᠯᠠᠨ | ᠲᠦᠮᠡᠨ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ | ᠡᠭᠦᠷᠭᠡᠯᠡᠨ᠂ ᠰᠤᠷᠤᠯᠴᠠᠯᠭ᠎ᠠ ᠬᠥᠮᠦᠵᠢᠯ ᠦᠶᠯᠡᠳᠦᠯᠭᠡ ᠳᠤ ᠣᠷᠣᠯᠴᠠᠵᠤ᠂ ᠰᠠᠶᠢᠨ ᠰᠠᠶᠢᠬᠠᠨ ᠰᠤᠷᠲᠠᠯ ᠢᠶᠠᠷ ᠪᠥᠬᠦ | ᠪᠠᠯᠭᠠᠰᠤᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ | ᠨᠢᠭᠲᠠᠷᠠᠭᠤᠯᠬᠤ ᠬᠡᠷᠡᠭᠲᠡᠶ᠃ | |