︽ᠬᠤᠶᠡᠷ ᠢ ᠬᠦᠷᠢᠶᠡᠯᠡᠬᠦ︾ ᠶᠢ ᠬᠠᠮᠲᠦ ᠪᠠᠷ ᠪᠠᠶᠢᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/4/25
     ︽ᠬᠤᠶᠠᠷ ᠢ ᠬᠦᠷᠢᠶᠡᠯᠡᠬᠦ︾ ᠶᠢ ᠬᠠᠮᠲᠦ ᠪᠠᠷ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠬᠦ ᠶᠢᠨ ᠲᠥᠯᠥᠭᠡ 4 ᠰᠠᠷ᠎ᠠ ᠶᠢᠨ 11 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠶᠠᠪᠤᠳᠠᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠤᠯᠠᠭᠠᠨᠮᠥ᠋ᠴᠢᠷ ᠨᠢ ᠬᠤᠰᠢᠭᠤᠨ ᠤ ᠵᠡᠪᠰᠡᠭᠲᠦ ᠴᠠᠬᠳᠠᠭᠠᠨ ᠤ ᠳᠤᠮᠳᠠ ᠠᠩᠭᠢ ᠳᠤ ᠬᠦᠷᠴᠦ ᠪᠣᠯᠭᠤᠭᠠᠨ ᠲᠣᠬᠤᠨᠢᠭᠤᠯᠬᠤ ᠣᠷᠠᠨ ᠰᠠᠶᠢᠬᠠᠨ ᠤ ᠲᠣᠭᠯᠠᠯᠲᠠ ᠵᠢᠴᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠳᠡᠭᠡᠷ᠎ᠡ᠂ ᠤᠯᠠᠭᠠᠨᠮᠥ᠋ᠴᠢᠷ ᠤᠨ ᠲᠣᠭᠯᠠᠭᠴᠢᠳ ᠠᠴᠠ ᠬᠦᠭᠵᠢᠮ ᠤᠨ ᠨᠠᠶᠢᠷᠠᠯ ︽ᠠᠳᠤᠭᠤᠴᠢᠨ ᠠᠰᠣᠷᠣ︾ ᠪᠠᠷ ᠬᠥᠰᠢᠭᠡ ᠪᠠᠨ ᠰᠡᠬᠦᠵᠦ᠂ ᠳᠠᠷᠠᠭ᠎ᠠ ᠨᠢ ᠮᠣᠷᠢᠨ ᠬᠤᠭᠤᠷ ᠤᠨ ᠲᠦᠷᠪᠡᠯᠡᠯ ︽ᠠᠷᠭᠤᠮᠠᠭ ᠬᠡᠬᠡᠷ ᠤᠨ ᠰᠠᠯᠬᠢᠨ ᠳᠤ︾᠂ ᠬᠤᠪᠢᠰ ᠤᠨ ᠭᠤᠴᠣᠯᠠᠯ ︽ᠳᠡᠭᠦᠯᠢᠯᠲᠡ︾᠂ ᠳᠠᠭᠤᠤ ︽ᠡᠵᠢ ᠳᠤ ᠪᠠᠨ ᠶᠠᠭᠠᠷᠠᠬᠰᠠᠨ ᠰᠡᠳᠬᠢᠯ︾᠂ ᠪᠥᠵᠢᠭ ︽ᠨᠠᠬᠢᠶ᠎ᠠ︾᠂ ᠳᠠᠭᠤᠤ ᠪᠦᠵᠢᠭ ︽ᠬᠡᠶᠢᠮᠣᠷᠢ ᠮᠠᠨᠳᠣᠬᠰᠠᠨ ᠬᠥᠪᠡᠭᠡᠲᠦ ᠰᠢᠷ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠭᠠᠷᠭᠠᠨ ᠴᠡᠷᠢᠭ ᠪᠠᠶᠢᠯᠳᠤᠭᠴᠢ ᠨᠠᠷ ᠲᠤ ᠰᠤᠨᠢᠷᠬᠠᠭᠤᠯᠵᠤ᠂ ᠠᠷᠠᠳ ᠤᠯᠠᠨ ᠠᠴᠠ ᠴᠡᠷᠢᠭ  ᠢᠶᠠᠨ ᠬᠦᠷᠢᠶᠡᠯᠡᠬᠦ᠂ ᠴᠡᠷᠢᠭ ᠠᠴᠠ ᠠᠷᠠᠳ ᠤᠯᠠᠨ ᠢᠶᠠᠨ ᠬᠦᠷᠢᠶᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠦᠭᠵᠢᠭᠡᠵᠤ᠂ ᠳᠠᠷᠤᠭ᠎ᠠ ᠪᠠᠶᠢᠯᠳᠤᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃     ᠳᠠᠷᠠᠭ᠎ᠠ ᠨᠢ᠂ ᠬᠤᠰᠢᠭᠤᠨ ᠤ ᠠᠷᠠᠳ ᠤᠨ ᠶᠠᠪᠤᠳᠠᠯ ᠪᠣᠯᠣᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶᠠᠨ ᠤ ᠠᠵᠢᠯᠳᠠᠨ ᠠᠴᠠ ᠳᠠᠷᠤᠭ᠎ᠠ ᠪᠠᠶᠢᠯᠳᠤᠭᠴᠢᠳ ᠲᠤ ︽ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠳᠦᠷᠢᠮ︾᠂ ︽ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾᠂ ︽ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠳᠦᠷᠢᠮ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠠ᠃ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠵᠢᠯ ᠦᠢᠯᠡᠰ ᠴᠣᠭᠴᠠᠯᠠᠬᠤ᠂ ᠠᠰᠠᠷᠠᠮᠵᠢ ᠬᠠᠷᠠᠭᠠᠯᠵᠠᠯ ᠦᠵᠡᠭᠦᠯᠬᠦ ᠵᠡᠷᠭᠡ ᠠᠰᠠᠭᠤᠳᠠᠯ ᠳᠤ ᠨᠠᠷᠢᠨ ᠲᠠᠶᠢᠯᠤᠮᠵᠢ ᠬᠢᠵᠦ᠂ ᠳᠠᠷᠤᠭ᠎ᠠ ᠪᠠᠶᠢᠯᠳᠤᠭᠴᠢᠳ ᠢ ᠬᠠᠪᠰᠤᠷᠤᠨ ᠲᠤᠰ ᠪᠡᠶ᠎ᠡ ᠶᠢᠨ ᠡᠷᠬᠡ ᠠᠰᠢᠭ ᠢᠶᠠᠨ ᠪᠠᠲᠤᠯᠠᠬᠤ ᠲᠦᠷᠦ ᠶᠢᠨ ᠪᠤᠳᠤᠯᠭ᠎ᠠ ᠶᠢ ᠭᠦᠨᠵᠡᠭᠡᠢ ᠣᠶᠢᠯᠠᠭᠠᠭᠤᠯᠣᠬᠰᠠᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠨᠢ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠴᠡᠷᠢᠭ ᠤᠨ ᠳᠤᠬᠠᠢ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠷᠢᠭ ᠢ ᠬᠦᠨᠳᠦᠳᠬᠡᠬᠦ᠂ ᠴᠡᠷᠢᠭ ᠤᠨ ᠬᠡᠷ ᠪᠦᠯᠢ ᠶᠢ ᠬᠠᠯᠠᠮᠵᠢᠯᠠᠬᠤ ᠳᠤᠬᠠᠢ ᠤᠬᠠᠭᠤᠯᠭ᠎ᠠ ᠶᠢ ᠰᠠᠶᠢᠳᠤᠷ ᠬᠢᠭᠰᠡᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号