ᠬᠥᠪᠡᠭᠡᠲᠦ ᠰᠢᠷ᠎ᠠ ᠬᠤᠰᠢᠭᠤᠨ ᠤ ᠪᠷᠦ᠋ᠼᠧᠯ ᠡᠪᠡᠳᠴᠢᠨ ᠤ ᠲᠠᠷᠢᠯᠭ᠎ᠠ ᠲᠠᠷᠢᠬᠤ ᠮᠡᠷᠬᠡᠵᠢᠯ ᠤᠨ ᠪᠣᠯᠪᠠᠰᠣᠷᠠᠯ ᠶᠠᠪᠤᠭᠳᠠᠪᠠ
ᠨᠡᠶᠢᠲᠡᠯᠡᠭᠰᠡᠨ ᠴᠠᠭ᠄
2025/4/25
     4 ᠰᠠᠷ᠎ᠠ ᠶᠢᠨ 7 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠲᠠᠯ᠎ᠠ ᠶᠢᠨ ᠤᠰᠤ ᠭᠠᠴᠠᠭᠠᠨ ᠳᠤ ᠪᠷᠦ᠋ᠼᠧᠯ ᠡᠪᠡᠳᠴᠢᠨ ᠤ Rev.1 ᠸᠠᠺᠼᠢᠨ ᠤ ᠲᠠᠷᠢᠯᠭ᠎ᠠ ᠲᠠᠷᠢᠬᠤ ᠬᠡᠷᠡᠭᠯᠡᠬᠡᠨ ᠤ ᠮᠡᠷᠬᠡᠵᠢᠯ ᠤᠨ ᠪᠣᠯᠪᠠᠰᠣᠷᠠᠯ ᠶᠠᠪᠤᠭᠳᠠᠵᠤ᠂ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ ᠲᠥᠪ ᠤᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠠᠵᠢᠯᠲᠠᠨ ᠨᠡᠶᠢᠲᠡ 50 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃     ᠪᠣᠯᠪᠠᠰᠣᠷᠠᠯ ᠳᠤ᠂ ᠰᠢᠯᠢ ᠶᠢᠨ ᠭᠤᠤᠯ ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ ᠲᠥᠪ ᠪᠣᠯᠤᠨ ᠸᠠᠺᠼᠢᠨ ᠤ ᠲᠠᠷᠢᠯᠭ᠎ᠠ ᠶᠢᠨ ᠦᠢᠯᠡᠳᠪᠦᠷᠢ ᠶᠢᠨ ᠮᠡᠷᠭᠡᠵᠢᠯ ᠤᠨ ᠠᠵᠢᠯᠲᠠᠨ ᠢ ᠤᠷᠢᠵᠤ᠂ ᠣᠨᠣᠯ ᠢᠶᠠᠷ ᠬᠢᠴᠢᠶᠡᠯᠯᠡᠬᠦ ᠪᠠ ᠦᠢᠯᠡᠳᠦᠯᠭᠡᠵᠢᠭᠦᠯᠦᠨ ᠠᠵᠢᠯᠯᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠪᠣᠯᠪᠠᠰᠣᠷᠠᠯ ᠢᠶᠠᠨ ᠦᠷᠨᠢᠬᠦᠯᠪᠠ᠃ ︽ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠪᠷᠦ᠋ᠼᠧᠯ ᠡᠪᠡᠳᠴᠢᠨ ᠤ Rev.1 ᠸᠠᠺᠼᠢᠨ ᠤ ᠲᠠᠷᠢᠯᠭ᠎ᠠ ᠶᠢ ᠠᠩᠬ᠎ᠠ ᠤᠳᠠᠭ᠎ᠠ ᠮᠠᠨ ᠤ ᠠᠶᠢᠮᠠᠭ ᠲᠤ ᠳᠡᠯᠭᠡᠷᠡᠭᠦᠯᠦᠨ ᠬᠡᠷᠡᠭᠯᠡᠵᠣ ᠪᠣᠢ᠃ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠪᠷᠦ᠋ᠼᠧᠯ ᠡᠪᠡᠳᠴᠢᠨ ᠤ Rev.1 ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠦᠷᠨᠢᠬᠦᠯᠬᠦ ᠶᠢ ᠪᠠᠲᠤᠯᠠᠬᠤ ᠶᠢᠨ ᠲᠥᠯᠥᠭᠡ᠂ ᠭᠤᠤᠯᠳᠠᠯᠭ᠎ᠠ ᠲᠠᠢ ᠭᠠᠵᠠᠷ ᠣᠷᠣᠨ ᠳᠤ Rev.1 ᠸᠠᠺᠼᠢᠨ ᠤ ᠲᠠᠷᠢᠯᠭ᠎ᠠ ᠶᠢᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠡᠷᠬᠢᠯᠡᠵᠣ ᠪᠣᠢ︾ ᠭᠡᠵᠤ ᠰᠢᠯᠢ ᠶᠢᠨ ᠭᠤᠤᠯ ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ ᠲᠥᠪ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠭ ᠤᠨ ᠳᠠᠷᠤᠭ᠎ᠠ  ᠪᠦᠦ ᠬᠤᠸᠠ ᠲᠠᠨᠢᠯᠴᠠᠭᠤᠯᠤᠯ᠎ᠠ᠃     ᠪᠣᠯᠪᠠᠰᠣᠷᠠᠯ ᠤᠨ ᠠᠬᠤᠢ ᠲᠠᠯᠠᠪᠠᠶ ᠳᠤ᠂ ᠸᠠᠺᠼᠢᠨ ᠤ ᠲᠠᠷᠢᠯᠭ᠎ᠠ ᠶᠢᠨ ᠣᠶᠢᠯᠡᠳᠪᠣᠷᠢ ᠶᠢᠨ ᠮᠡᠷᠭᠡᠵᠢᠯᠲᠡᠨ ᠠᠴᠠ ᠲᠠᠷᠢᠯᠭ᠎ᠠ ᠬᠢᠬᠦ ᠬᠦᠮᠣᠨ ᠤ ᠬᠠᠮᠠᠭᠠᠯᠠᠯᠳᠠ ᠪᠠ ᠰᠡᠷᠭᠡᠶᠢᠯᠡᠯᠲᠡ᠂ ᠪᠷᠦ᠋ᠼᠧᠯ ᠡᠪᠡᠳᠴᠢᠨ ᠤ Rev.1 ᠸᠠᠺᠼᠢᠨ ᠤ ᠲᠠᠷᠢᠯᠭ᠎ᠠ ᠶᠢᠨ ᠠᠵᠢᠯᠯᠠᠭᠠᠨ ᠤ ᠶᠠᠪᠤᠴᠠ᠂ ᠦᠯᠦ ᠬᠠᠯᠳᠠᠭᠠᠬᠤ ᠳᠤ ᠠᠩᠬᠠᠷᠬᠤ ᠵᠣᠶᠢᠯᠡᠰ᠂ ᠬᠠᠶᠠᠭᠳᠠᠮᠠᠯ ᠪᠣᠳᠠᠰ ᠢ ᠬᠤᠤᠷ ᠥᠬᠡᠶ ᠪᠣᠯᠭᠠᠨ ᠰᠢᠢᠳᠪᠣᠷᠢᠯᠡᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠲᠠᠶᠢᠯᠤᠮᠵᠢ ᠬᠢᠪᠠ᠃     ᠳᠠᠷᠠᠭ᠎ᠠ ᠨᠢ᠂ ᠲᠤᠰᠬᠠᠶ ᠮᠡᠷᠭᠡᠵᠢᠯ ᠤᠨ ᠠᠵᠢᠯᠲᠠᠨ ᠲᠤᠬᠠᠶ ᠶᠢᠨ ᠲᠠᠯᠠᠪᠤᠷ ᠲᠤ ᠪᠣᠳᠠᠲᠠᠶ ᠠᠵᠢᠯᠯᠠᠬᠤ ᠵᠢᠱᠢᠶ᠎ᠡ ᠦᠵᠡᠭᠦᠯᠪᠡ᠃ ᠪᠣᠯᠪᠠᠰᠤᠷᠠᠯ ᠳᠤ ᠣᠷᠣᠯᠴᠠᠭᠰᠠᠳ ᠥᠯᠥ ᠬᠠᠯᠳᠠᠭᠠᠬᠤ ᠸᠠᠺᠼᠢᠨ ᠤ ᠲᠠᠷᠢᠯᠭ᠎ᠠ ᠲᠠᠷᠢᠬᠤ ᠵᠢᠷᠤᠮᠵᠢᠯ ᠢ ᠴᠢᠩᠭ᠎ᠠ ᠵᠢᠷᠤᠮᠯᠠᠨ ᠨᠢᠭᠡ ᠨᠢᠭᠡ ᠪᠠᠷ ᠥᠯᠥ ᠬᠠᠯᠳᠠᠭᠠᠬᠤ ᠪᠣᠳᠠᠲᠠᠶ ᠠᠵᠢᠯᠯᠠᠭᠠᠨ ᠤ ᠪᠣᠯᠪᠠᠰᠤᠷᠠᠯ  ᠬᠢᠭᠰᠡᠨ ᠤ ᠬᠠᠮᠲᠤ ᠮᠡᠷᠭᠡᠵᠢᠯ ᠤᠨ ᠠᠵᠢᠯᠲᠠᠨ ᠲᠠᠢ ᠶᠠᠷᠢᠯᠴᠠᠵᠤ᠂ ᠮᠡᠳᠡᠬᠦ ᠦᠭᠡᠢ ᠵᠦᠢᠯᠡᠰ ᠢᠶᠠᠨ ᠯᠠᠪᠯᠠᠨ ᠪᠠᠳᠤᠳᠬᠠᠭᠰᠠᠨ ᠪᠠᠶᠢᠨ᠎ᠠ᠃ ︽ᠲᠣᠰ ᠤᠳᠠᠭᠠᠨ ᠤ ᠪᠣᠯᠪᠠᠰᠣᠷᠠᠯ ᠪᠠᠷ ᠳᠡᠮᠵᠢᠨ ᠠᠶᠢᠮᠠᠭ᠂ ᠬᠤᠰᠢᠭᠤ ᠵᠢᠴᠢ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠠᠵᠢᠯᠲᠠᠨ ᠠᠵᠢᠯᠯᠠᠬᠤ ᠤᠷ᠎ᠠ ᠴᠢᠳᠠᠪᠤᠷᠢ ᠶᠢ ᠴᠠᠭ ᠲᠤᠬᠠᠶ ᠳᠤᠨᠢ ᠡᠵᠡᠮᠰᠢᠵᠦ᠂ ᠲᠠᠷᠠᠭᠠᠴᠢ ᠶᠢᠨ ᠠᠯᠬᠤᠮ ᠤᠨ ᠪᠥᠬᠦ ᠠᠶᠢᠮᠠᠭ ᠤᠨ ᠪᠷᠦ᠋ᠼᠧᠯ ᠡᠪᠡᠳᠴᠢᠨ ᠤ ᠬᠠᠪᠤᠷ ᠤᠨ ᠤᠯᠠᠷᠢᠯ ᠤᠨ ᠲᠥᠪᠯᠡᠷᠡᠭᠦᠯᠦᠨ ᠥᠯᠥ ᠬᠠᠯᠳᠠᠭᠠᠬᠤ ᠠᠵᠢᠯ ᠳᠤ ᠰᠠᠭᠤᠷᠢ ᠲᠠᠯᠪᠢᠬᠰᠠᠨ ᠪᠠᠶᠢᠨ᠎ᠠ︾ ᠭᠡᠵᠤ ᠪᠦᠦ ᠬᠤᠸᠠ ᠶᠠᠷᠢᠯ᠎ᠠ᠃     ᠸᠠᠺᠼᠢᠨ ᠤ ᠲᠠᠷᠢᠯᠭ᠎ᠠ ᠨᠢ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢᠨ ᠨᠢᠭᠡ ᠪᠣᠯᠤᠭᠰᠠᠨ ᠤ ᠬᠤᠪᠢ ᠳᠤ᠂ ᠲᠡᠭᠦᠨ ᠤ ᠬᠡᠷᠡᠭᠯᠡᠵᠤ ᠬᠢᠵᠢᠭ ᠢ ᠰᠡᠷᠭᠡᠶᠢᠯᠡᠬᠦ ᠮᠡᠷᠭᠡᠵᠢᠯ ᠨᠢ ᠲᠦᠢᠯ ᠤᠨ ᠴᠢᠬᠤᠯᠠ ᠴᠢᠨᠠᠷ ᠲᠠᠢ ᠶᠤᠮ᠃ ᠬᠦᠪᠡᠬᠡᠲᠦ ᠰᠢᠷ᠎ᠠ ᠬᠤᠰᠢᠭᠤ ᠨᠢ ᠪᠷᠦ᠋ᠼᠧᠯ ᠡᠪᠡᠳᠴᠢᠨ ᠵᠡᠷᠭᠡ ᠭᠤᠤᠯᠳᠠᠯᠭ᠎ᠠ ᠲᠠᠢ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠪᠣᠯᠪᠠᠰᠤᠷᠠᠯ ᠢᠶᠠᠷ ᠳᠠᠮᠵᠢᠨ᠂ ᠬᠢᠵᠢᠭ ᠡᠪᠡᠳᠴᠢᠨ ᠢ ᠰᠡᠷᠬᠡᠶᠢᠯᠡᠬᠦ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠᠷ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号