G511 ᠤᠯᠤᠰ ᠤᠨ ᠵᠠᠮ ᠢ ᠰᠡᠯᠪᠢᠨ ᠵᠠᠰᠠᠬᠤ ᠳᠤᠬᠠᠢ ᠣᠬᠠᠭᠤᠯᠭ᠎ᠠ ᠭᠢᠵᠦ ᠪᠠᠶᠢᠨ᠎ᠠ
ᠨᠡᠶᠢᠲᠡᠯᠡᠭᠰᠡᠨ ᠴᠠᠭ᠄
2025/4/25
     4 ᠰᠠᠷ᠎ᠠ ᠶᠢᠨ 9 ᠤ ᠡᠳᠦᠷ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠳᠤᠪᠴᠢᠶ᠎ᠠ ᠨᠢ ᠪᠣᠭᠳᠠ ᠶᠢᠨ ᠭᠤᠣᠯ ᠰᠤᠮᠤ ᠲᠠᠢ ᠬᠤᠯᠪᠣᠭᠠᠯᠠᠨ ᠮᠠᠯᠴᠢᠳ ᠤᠨ ᠭᠡᠷ ᠢᠶᠠᠷ ᠭᠦᠷᠴᠣ᠂ ᠬᠦᠪᠡᠭᠡᠲᠦ ᠰᠢᠷ᠎ᠠ ᠬᠤᠰᠢᠭᠤᠨ ᠠᠴᠠ ᠬᠤᠸᠠᠳᠧ ᠰᠢᠶᠠᠨ ᠪᠠ  ᠪᠠᠷᠠᠭᠤᠨ ᠰᠦᠨᠢᠳ ᠬᠤᠰᠢᠭᠤ ᠬᠦᠷᠬᠦ G511 ᠤᠯᠤᠰ ᠤᠨ ᠵᠠᠮ ᠢ ᠰᠡᠯᠪᠢᠨ ᠵᠠᠰᠠᠬᠤ ᠲᠣᠬᠠᠢ ᠣᠬᠠᠭᠤᠯᠭ᠎ᠠ ᠭᠢᠵᠡᠢ᠃     G511 ᠤᠯᠤᠰ ᠤᠨ ᠵᠠᠮ ᠤᠨ ᠡᠷᠬᠢᠨ ᠲᠣᠭᠤᠷᠢᠨ ᠤ ᠮᠠᠯᠴᠢᠨ ᠡᠷᠤᠭᠡ ᠶᠢᠨ ᠬᠡᠷ ᠲᠤ᠂ ᠠᠵᠢᠯᠲᠠᠳ ᠠᠴᠠ ᠮᠠᠯᠴᠢᠳ ᠲᠠᠢ ᠭᠦᠨᠵᠡᠭᠡᠢ ᠶᠠᠷᠢᠯᠴᠠᠵᠤ᠂ G511 ᠤᠯᠤᠰ ᠤᠨ ᠵᠠᠮ ᠢ ᠰᠡᠯᠪᠢᠨ ᠵᠠᠰᠠᠬᠤ ᠢᠨᠵᠧᠨᠧᠷᠢᠩ ᠤᠨ ᠲᠦᠯᠦᠪᠵᠢᠭᠦᠯᠭᠡ᠂ ᠠᠴᠢ ᠬᠤᠯᠪᠣᠬᠳᠠᠯ ᠵᠢᠴᠢ ᠵᠠᠮ ᠵᠠᠰᠠᠬᠤ ᠬᠤᠭᠤᠴᠠᠭᠠᠨ ᠳᠤ ᠣᠶᠢᠷ᠎ᠠ ᠬᠠᠪᠢ ᠶᠢᠨ ᠮᠠᠯᠴᠢᠳ ᠲᠤ ᠲᠤᠯᠭᠠᠷᠠᠵᠤ ᠮᠡᠳᠡᠬᠦ ᠠᠰᠠᠭᠤᠳᠠᠯ ᠤᠨ ᠲᠠᠯ᠎ᠠ ᠪᠠᠷ ᠨᠠᠷᠢᠨ ᠨᠢᠮᠪᠠᠢ ᠲᠠᠶᠢᠯᠪᠤᠷᠢᠯᠠᠵᠠᠢ᠃ ︽G511 ᠤᠯᠤᠰ ᠤᠨ ᠵᠠᠮ ᠨᠢ ᠮᠠᠨ ᠤ ᠮᠠᠯᠴᠢᠨ ᠲᠦᠮᠡᠨ ᠤ ᠡᠳᠦᠷ ᠲᠤᠲᠤᠮ ᠤᠨ ᠶᠠᠪᠤᠵᠤ ᠰᠠᠭᠤᠬᠤ ᠲᠠᠢ ᠬᠤᠯᠪᠤᠭᠳᠠᠳᠠᠭ︔ ᠣᠶᠢᠷ᠎ᠠ ᠶᠢᠨ ᠬᠤᠶᠠᠷ ᠵᠢᠯ ᠳᠤ ᠡᠨᠡ ᠵᠠᠮ ᠬᠦᠨᠳᠦ ᠰᠦᠷᠡᠬᠡᠢ ᠡᠪᠳᠡᠭᠳᠡᠵᠦ᠂ ᠶᠠᠪᠤᠵᠤ ᠰᠠᠭᠤᠬᠤ ᠳᠤ ᠳᠥᠭᠦᠮ ᠦᠭᠡᠢ ᠪᠣᠯᠵᠠᠶ︔ ᠵᠠᠮ ᠵᠠᠰᠠᠬᠤ ᠶᠢ ᠰᠣᠨᠣᠰᠤᠭᠠᠳ ᠪᠢᠳᠡ ᠮᠠᠰᠢ ᠪᠠᠶᠠᠷᠯᠠᠵᠤ ᠪᠠᠶᠢᠨ᠎ᠠ︾ ᠭᠡᠵᠤ ᠮᠠᠯᠴᠢᠨ ᠳᠠᠪᠰᠢᠯᠲᠤ ᠶᠠᠷᠢᠯ᠎ᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠵᠠᠮ ᠵᠠᠰᠠᠬᠤ ᠢᠨᠵᠧᠨᠧᠷᠢᠩ ᠤᠨ ᠪᠥᠬᠦ ᠣᠷᠳᠣ ᠨᠢ 82.5 ᠺᠢᠯᠣᠮᠧᠲᠷ  ᠪᠠᠶᠢᠵᠦ᠂ ᠵᠢᠱᠢᠯᠲᠡ ᠪᠠᠷ 10 ᠰᠠᠷ᠎ᠠ ᠶᠢᠨ 31 ᠤ ᠡᠳᠦᠷ ᠠᠴᠠ ᠡᠮᠦᠨ᠎ᠡ ᠲᠡᠷᠭᠡ ᠨᠡᠪᠲᠡᠷᠡᠬᠦ ᠪᠠᠷ ᠪᠤᠢ᠃ ︽ᠡᠨᠡ ᠤᠳᠠᠭ᠎ᠠ ᠶᠢᠨ  ᠤᠬᠠᠭᠤᠯᠭ᠎ᠠ ᠪᠤᠯ ᠮᠠᠯᠴᠢᠳ ᠲᠤ ᠵᠠᠮ ᠵᠠᠰᠠᠬᠤ ᠬᠤᠯᠪᠣᠭᠳᠠᠯ ᠪᠦᠬᠦᠢ ᠪᠠᠶᠢᠳᠠᠯ ᠢ ᠨᠡᠩ ᠰᠠᠶᠢᠨ ᠣᠶᠢᠯᠠᠭᠠᠭᠤᠯᠬᠤ ᠶᠢᠨ ᠲᠥᠯᠥᠭᠡ ᠶᠤᠮ︔ ᠮᠠᠯᠴᠢᠳ ᠠᠮᠤᠷ ᠲᠦᠪᠰᠢᠨ ᠢ ᠠᠩᠬᠠᠷᠴᠤ᠂ ᠵᠠᠮ ᠵᠠᠰᠠᠬᠤ ᠠᠵᠢᠯ ᠳᠤ ᠬᠠᠮᠵᠢᠯᠴᠠᠬᠤ ᠶᠢ ᠬᠦᠰᠡᠵᠦ ᠪᠠᠶᠢᠨ᠎ᠠ︾ ᠭᠡᠵᠤ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ ᠮᠠᠨᠳᠤᠬᠤ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号