︽ᠠᠷᠣᠪᠣᠯᠠᠭ︾ ᠬᠤᠯᠢᠮᠠᠭ ᠲᠡᠵᠢᠬᠡᠯ ᠡᠪᠡᠰᠦᠨ ᠦᠢᠯᠡᠳᠪᠦᠷᠢ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ
ᠨᠡᠶᠢᠲᠡᠯᠡᠭᠰᠡᠨ ᠴᠠᠭ᠄
2025/4/25
     ᠬᠥᠪᠡᠭᠡᠲᠦ ᠰᠢᠷ᠎ᠠ ᠬᠤᠰᠢᠭᠤᠨ ᠤ ᠮᠠᠯᠴᠢᠨ ᠲᠦᠮᠡᠨ ᠦᠢᠯᠡᠳᠪᠦᠷᠢᠯᠡᠯ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ ᠢᠳᠡᠪᠬᠢᠲᠡᠢ ᠬᠤᠪᠢᠷᠠᠭᠤᠯᠵᠤ᠂ ︽ᠲᠠᠩᠰᠠ ᠪᠤᠳᠤᠵᠤ ᠮᠠᠯ ᠮᠠᠯᠵᠢᠬᠤ︾ ᠴᠢᠬᠤᠯᠠ ᠴᠢᠨᠠᠷ ᠢ ᠭᠦᠢᠴᠡᠳ ᠲᠠᠨᠢᠵᠤ᠂ ᠮᠠᠯ ᠠᠵᠤ ᠠᠬᠤᠢ ᠶᠢᠨ ᠥᠪᠡᠷ ᠤᠨ ᠦᠷᠳᠡᠭ ᠢᠶᠠᠷ ᠳᠣᠣᠷ᠎ᠠ ᠡᠵᠡᠩᠨᠡᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠤᠷᠰᠢᠶᠠᠵᠢᠯ ᠤᠨ ᠬᠡᠯᠪᠡᠷᠢ ᠪᠠᠷ ᠮᠠᠯ ᠠᠵᠤ ᠠᠬᠤᠢ ᠶᠢᠨ ᠢᠵᠢ ᠪᠦᠷᠢᠳᠦᠭᠰᠡᠨ ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠠᠶᠠᠯᠠᠬᠦᠯᠵᠣ ᠪᠣᠢ᠃     ᠰᠤᠷᠪᠤᠯᠵᠢᠯᠠᠭᠴᠢ ᠬᠥᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠣᠮᠣᠨ ᠤ ︽ᠠᠷᠣᠪᠣᠯᠠᠭ︾ ᠬᠤᠷᠰᠢᠶᠠᠵᠢᠯ ᠤᠨ ᠦᠬᠡᠷ ᠬᠤᠨᠢᠨ ᠤ ᠬᠤᠯᠢᠮᠠᠭ ᠲᠡᠵᠢᠬᠡᠯ ᠡᠪᠡᠰᠣ ᠪᠣᠷᠣᠯᠠᠭᠤᠯᠬᠤ ᠦᠢᠯᠡᠳᠪᠦᠷᠢ ᠳᠤ ᠬᠦᠷᠬᠦ ᠳᠤ᠂ ᠲᠤᠮᠤ ᠬᠡᠯᠪᠡᠷᠢ ᠶᠢᠨ ᠬᠤᠯᠢᠬᠤ ᠮᠠᠰᠢᠨ᠂ ᠬᠡᠮᠬᠡᠯᠬᠦ ᠮᠠᠰᠢᠨ᠂ ᠪᠣᠭᠤᠳᠠᠯᠯᠠᠬᠤ ᠮᠠᠰᠢᠨ ᠬᠦᠷᠴᠢᠬᠢᠨᠡᠨ ᠠᠵᠢᠯᠯᠠᠵᠤ᠂ ᠠᠵᠢᠯᠴᠢᠳ ᠳᠡᠰ ᠳᠠᠷᠠᠭ᠎ᠠ ᠲᠠᠢ ᠪᠠᠷ ᠡᠪᠡᠰᠦ ᠪᠣᠷᠳᠤᠭ᠎ᠠ ᠶᠢ ᠡᠳ᠋ᠰᠢᠭᠦᠯᠦᠨ ᠪᠤᠭᠤᠳᠠᠯᠯᠠᠵᠤ᠂ ᠲᠡᠵᠢᠭᠡᠯ ᠡᠪᠡᠰᠣ ᠬᠤᠳᠠᠯᠳᠤᠨ ᠠᠪᠬᠤ ᠪᠠᠷ ᠢᠷᠡᠭᠰᠡᠨ ᠮᠠᠯᠴᠢᠳ ᠤᠨ ᠲᠡᠷᠭᠡᠨ ᠳᠤ ᠲᠡᠭᠡᠭᠡᠵᠦ ᠶᠠᠭᠠᠷᠠᠯᠳᠣᠵᠣ ᠪᠠᠶᠢᠯ᠎ᠠ᠃ ︽ᠣᠷᠴᠢᠮ  ᠠᠴᠠ ᠶᠠᠭ ᠬᠠᠰᠢᠶᠠᠯᠠᠭ᠎ᠠ ᠶᠢᠨ ᠬᠤᠭᠤᠴᠠᠭ᠎ᠠ ᠡᠬᠢᠯᠡᠵᠣ ᠪᠣᠢ︔ ᠮᠠᠯᠴᠢᠳ ᠤᠨ ᠬᠡᠷᠡᠭᠯᠡᠬᠦ ᠬᠡᠮᠵᠢᠶ᠎ᠠ ᠨᠢ ᠶᠡᠭᠡ ᠪᠠᠶᠢᠵᠣ᠂ ᠣᠳᠣ ᠨᠢᠬᠡᠨᠳᠠ 500 ᠭᠠᠷᠣᠢ ᠲᠣᠨ ᠣᠶᠢᠯᠡᠳᠪᠣᠷᠢᠯᠡᠴᠢᠬᠡᠬᠡᠳ ᠪᠠᠶᠢᠨ᠎ᠠ︔ ᠵᠠᠬᠢᠶᠠᠯᠠᠭ᠎ᠠ ᠴᠤ ᠠᠷᠪᠢᠨ ᠪᠠᠶᠢᠨ᠎ᠠ︔ ᠪᠢᠳᠡ ᠣᠶᠢᠯᠡᠴᠢᠯᠡᠭᠡ ᠪᠠᠨ ᠣᠯᠠᠮ ᠰᠠᠶᠢᠨ ᠪᠣᠯᠭᠠᠬᠤ ᠶᠢᠨ ᠲᠦᠯᠣᠬᠡ ᠬᠦᠳᠠᠯᠮᠣᠷᠢ ᠬᠦᠴᠣ ᠠᠨᠠᠢ᠂ ᠲᠡᠷᠬᠡ ᠣᠨᠤᠭ᠎ᠠ ᠦᠬᠡᠢ ᠮᠠᠯᠴᠢᠳ ᠤᠨ ᠭᠡᠷ ᠲᠤ ᠬᠦᠷᠬᠡᠨ ᠪᠠᠭᠤᠯᠭᠠᠵᠣ ᠦᠭᠴᠣ ᠪᠠᠶᠢᠨ᠎ᠠ︾ ᠭᠡᠵᠤ ᠬᠦᠪᠡᠬᠡᠳᠣ ᠰᠢᠷ᠎ᠡ ᠬᠤᠰᠢᠭᠤᠨ ᠤ ︽ᠠᠷᠣᠪᠣᠯᠠᠭ︾ ᠬᠤᠷᠰᠢᠶᠠᠵᠢᠯ ᠤᠨ ᠦᠬᠡᠷ ᠬᠤᠨᠢᠨ ᠤ ᠬᠤᠯᠢᠮᠠᠭ ᠲᠡᠵᠢᠬᠡᠯ ᠡᠪᠡᠰᠣᠨ ᠤ ᠣᠶᠢᠯᠡᠳᠪᠣᠷᠢ ᠶᠢᠨ ᠡᠵᠡᠩᠨᠡᠭᠴᠢ ᠮᠠᠨᠳᠣᠬᠤ ᠶᠠᠷᠢᠯ᠎ᠠ᠃     ᠣᠶᠢᠯᠠᠭᠠᠬᠰᠠᠨ ᠢᠶᠠᠷ᠂ ︽ᠠᠷᠣᠪᠣᠯᠠᠭ︾ ᠬᠤᠷᠰᠢᠶᠠᠵᠢᠯ ᠤᠨ ᠦᠬᠡᠷ ᠬᠤᠨᠢᠨ ᠤ ᠬᠤᠯᠢᠮᠠᠭ ᠲᠡᠵᠢᠬᠡᠯ ᠡᠪᠡᠰᠣᠨ  ᠤ ᠣᠶᠢᠯᠡᠳᠪᠣᠷᠢ ᠪᠤᠯ ᠬᠦᠪᠡᠭᠡᠳᠦ ᠰᠢᠷ᠎ᠠ ᠬᠤᠰᠢᠭᠤᠨ ᠤ ᠤᠩᠭᠤᠨ ᠠᠭᠤᠯᠠ ᠰᠤᠮᠤᠨ ᠤ ᠠᠷᠣᠪᠣᠯᠠᠭ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠠᠵᠤ ᠦᠢᠯᠡᠰ ᠪᠠᠶᠢᠵᠤ᠂ ᠮᠠᠯᠴᠢᠨ ᠮᠠᠨᠳᠣᠬᠤ ᠪᠤᠯᠤᠨ ᠰᠤᠶᠤᠯᠳᠤ ᠠᠴᠠ ᠬᠠᠮᠳᠤ ᠪᠠᠷ ᠡᠵᠡᠩᠨᠡᠵᠤ᠂ ᠨᠣᠭᠤᠭᠠᠨ ᠲᠠᠷᠣᠰᠢ᠂ ᠡᠷᠳᠡᠨᠢ ᠰᠢᠰᠢ᠂ ᠨᠠᠷᠢᠯᠢᠭ ᠪᠣᠷᠳᠣᠭᠤᠷ ᠵᠡᠷᠭᠡ ᠶᠢ ᠬᠤᠯᠢᠵᠤ ᠪᠤᠯᠪᠠᠰᠤᠷᠠᠭᠤᠯᠬᠤ ᠪᠠᠷ ᠲᠠᠮᠵᠢᠨ ᠣᠶᠢᠷ᠎ᠡ ᠬᠠᠪᠢ ᠶᠢᠨ ᠮᠠᠯᠴᠢᠳ ᠲᠤ ᠪᠠᠨ ᠰᠢᠯᠢᠳᠡᠭ ᠰᠠᠶᠢᠨ ᠬᠤᠯᠢᠮᠠᠭ ᠲᠡᠵᠢᠬᠡᠯ ᠡᠪᠡᠰᠣ ᠬᠠᠩᠭᠠᠵᠣ ᠪᠣᠢ᠃ ︽ᠠᠩᠬ᠎ᠠ ᠡᠬᠢᠯᠡᠬᠡᠳ ᠬᠢᠬᠦ ᠦᠶ᠎ᠠ ᠳᠤ ᠲᠠᠩᠱᠠᠨ ᠬᠤᠳᠠ ᠳᠤ ᠨᠠᠶᠢᠳᠠᠨ ᠦᠢᠯᠡᠳᠪᠣᠷᠢᠯᠡᠬᠦᠯᠵᠤ ᠪᠠᠶᠢᠬᠰᠠᠨ︔ ᠨᠢᠳᠣᠨᠣᠨ ᠠᠴᠠ ᠣᠯᠣᠰ ᠤᠨ ᠲᠦᠷᠣᠯ ᠵᠦᠢᠯ ᠢᠶᠠᠷ ᠠᠷᠣᠪᠣᠯᠠᠭ ᠭᠠᠴᠠᠭᠠᠨ  ᠳᠤ ᠪᠠᠨ ᠦᠢᠯᠡᠳᠪᠣᠷᠢ ᠪᠠᠶᠢᠭᠤᠯᠣᠨ ᠠᠰᠢᠬᠯᠠᠯᠳᠠ ᠳᠤ ᠤᠷᠤᠭᠤᠯᠤᠭᠠᠳ ᠨᠢᠳᠣᠨᠣᠨ ᠮᠠᠯᠴᠢᠳ ᠤᠨ ᠲᠣᠰᠬᠠᠯ ᠶᠡᠭᠡ ᠰᠠᠶᠢᠨ ᠪᠠᠶᠢᠭᠰᠠᠨ︔ ᠡᠨᠡ ᠵᠢᠯ ᠠᠴᠠ ᠦᠷᠬᠦᠯᠵᠢᠯᠠᠨ ᠴᠢᠨᠡᠷ ᠤᠨ ᠲᠠᠯ᠎ᠠ ᠪᠠᠷ ᠣᠯᠠᠮ ᠪᠠᠳᠣᠯᠠᠭ᠎ᠠ ᠲᠠᠢ ᠪᠤᠯᠭᠠᠵᠤ᠂ ᠪᠠᠰᠠ ᠬᠠᠮᠳᠣ ᠶᠢᠨ ᠠᠵᠣ ᠠᠬᠤᠢ ᠶᠢᠨ ᠣᠷᠣᠯᠭ᠎ᠠ ᠪᠠᠨ ᠨᠡᠮᠡᠭᠳᠡᠬᠦᠯᠦᠶ᠎ᠡ ᠬᠡᠵᠣ ᠪᠣᠳᠣᠵᠣ ᠪᠠᠶᠢᠨ᠎ᠠ︾ ᠭᠡᠵᠤ ᠮᠠᠨᠳᠣᠬᠤ ᠶᠠᠷᠢᠯ᠎ᠠ᠃     ᠣᠶᠢᠯᠡᠳᠪᠣᠷᠢ ᠪᠠᠨ ᠪᠠᠶᠢᠭᠤᠯᠣᠬᠰᠠᠨ ᠠᠴᠠ ᠠᠪᠣᠭᠠᠳ ᠮᠠᠨᠳᠣᠬᠤ ᠰᠤᠶᠤᠯᠳᠤ ᠬᠤᠶᠠᠷ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠨ ᠥᠷᠭᠡᠳᠬᠡᠵᠦ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠪᠡᠷ ᠤᠨ ᠥᠷᠲᠡᠭ ᠢ ᠪᠠᠭᠤᠷᠠᠭᠤᠯᠵᠤ᠂ ᠣᠳᠣᠬᠠᠨ ᠳᠤ ᠦᠢᠯᠡᠳᠪᠦᠷᠢᠯᠡᠭᠰᠡᠨ ᠬᠤᠯᠢᠮᠠᠭ ᠲᠡᠵᠢᠬᠡᠯ ᠡᠪᠡᠰᠣ ᠪᠠᠨ ᠠᠳᠠᠯᠢ ᠪᠤᠰᠤ ᠮᠠᠯ ᠤᠨ ᠣᠨᠴᠠᠯᠢᠭ ᠢ ᠦᠨᠳᠦᠰᠦᠯᠡᠨ ᠪᠦᠷᠢᠯᠳᠦᠭᠦᠨ ᠤ ᠬᠠᠷᠢᠴᠠᠯ ᠢ ᠲᠣᠬᠢᠷᠠᠭᠤᠯᠵᠤ᠂ ᠰᠢᠮ᠎ᠡ ᠲᠡᠵᠢᠭᠡᠯ ᠤᠨ ᠪᠦᠬᠦ ᠲᠠᠯ᠎ᠠ ᠶᠢᠨ᠂ ᠲᠡᠩᠴᠡᠭᠦᠷᠢᠲᠡᠢ ᠪᠠᠶᠢᠬᠤ ᠶᠢ ᠪᠠᠳᠣᠯᠠᠬᠰᠠᠭᠠᠷ ᠢᠷᠡᠭᠰᠠᠨ ᠪᠠᠶᠢᠨ᠎ᠠ᠃ ᠡᠭᠦᠨ ᠤ ᠬᠠᠮᠲᠤ᠂ ᠬᠡᠷ ᠲᠤ ᠨᠢ ᠬᠦᠷᠭᠡᠬᠦ ᠦᠢᠯᠡᠴᠢᠯᠡᠭᠡ ᠬᠠᠩᠭᠠᠬᠤ ᠶᠢᠨ ᠬᠠᠮᠳᠣ ᠪᠠᠰᠠ ᠲᠤᠬᠠᠶ ᠶᠢᠨ ᠭᠠᠵᠠᠷ ᠤᠨ ᠮᠠᠯᠴᠢᠳ ᠲᠤ ᠠᠵᠢᠯ ᠤᠨ ᠪᠠᠶᠢᠷᠢ ᠬᠠᠩᠭᠠᠵᠤ᠂ ᠥᠷᠭᠡᠨ ᠣᠯᠠᠨ ᠮᠠᠯᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ︽ᠮᠠᠨ ᠤ ᠬᠢ ᠠᠷᠣᠪᠣᠯᠠᠭ ᠭᠠᠴᠠᠭᠠᠨ ᠤ ᠦᠬᠡᠷ ᠬᠤᠨᠢᠨ ᠤ ᠬᠤᠯᠢᠮᠠᠭ ᠲᠡᠵᠢᠬᠡᠯ ᠡᠪᠡᠰᠣ ᠶᠢ ᠡᠬᠢᠯᠡᠨ ᠦᠢᠯᠡᠳᠪᠣᠷᠢᠯᠡᠭᠰᠠᠨ ᠴᠠᠭ  ᠠᠴᠠ ᠠᠪᠣᠭᠠᠳ ᠵᠠᠷᠣᠵᠣ ᠪᠠᠶᠢᠨ᠎ᠠ︔ ᠡᠪᠣᠯ ᠠᠴᠠ ᠣᠳᠣ ᠪᠣᠯᠳᠠᠯ᠎ᠠ ᠭᠤᠴᠢᠨ ᠲᠣᠨ ᠵᠠᠷᠣᠴᠢᠬᠠᠯ᠎ᠠ︔ ᠣᠳᠣ ᠪᠠᠰᠠ 10 ᠲᠣᠨ ᠠᠪᠴᠢᠷᠠᠴᠢᠬᠠᠭᠠᠳ ᠵᠠᠷᠣᠵᠣ ᠪᠠᠶᠢᠨ᠎ᠠ︔ ᠲᠠᠬᠢᠭᠠᠳ ᠪᠠᠰᠠ 30 ᠲᠣᠨ ᠵᠠᠬᠢᠶᠠᠯᠠᠬᠰᠠᠨ︔ ᠨᠦᠬᠦᠪᠣᠷᠢ  ᠲᠠᠢ᠂ ᠮᠠᠯ ᠤᠨ ᠲᠠᠷᠭᠤ ᠬᠦᠴᠣ ᠶᠢ ᠪᠠᠲᠤᠯᠠᠬᠤ ᠳᠤ ᠣᠪᠣᠭ᠎ᠠ ᠰᠠᠶᠢᠨ︔ ᠦᠬᠡᠷ᠂ ᠬᠤᠨᠢ᠂ ᠲᠣᠭᠤᠯ ᠢᠶᠠᠨ ᠪᠦᠷ ᠡᠬᠦᠨ ᠢᠶᠠᠷ ᠲᠡᠵᠢᠬᠡᠵᠣ ᠪᠠᠶᠢᠨ᠎ᠠ︾ ᠭᠡᠵᠤ ᠠᠷᠣᠪᠣᠯᠠᠭ ᠭᠠᠴᠠᠭᠠᠨ ᠤ ᠮᠠᠯᠴᠢᠨ ᠴᠡᠩᠬᠡᠯᠳᠣ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号