ᠬᠦᠪᠡᠭᠡᠲᠦ ᠰᠢᠷ᠎ᠠ ᠬᠤᠰᠢᠭᠤ DeepSeek ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠵᠢᠴᠢ ᠬᠡᠷᠡᠭᠯᠡᠭᠡᠨ ᠤ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/4/25
     4 ᠰᠠᠷ᠎ᠠ ᠶᠢᠨ 15 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ DeepSeek ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠵᠢᠴᠢ ᠬᠡᠷᠡᠭᠯᠡᠭᠡᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠬᠤᠰᠢᠭᠤᠨ ᠤ ᠮᠡᠳᠡᠭᠡ ᠵᠠᠩᠬᠢᠵᠢᠭᠤᠯᠤᠯᠲᠠ ᠶᠢᠨ ᠲᠥᠪ ᠲᠤ ᠶᠠᠪᠤᠭᠳᠠᠵᠠᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠶ ᠯᠦᠩ ᠪᠤᠯᠪᠠᠰᠤᠷᠠᠯ ᠢ ᠡᠷᠬᠢᠯᠡᠵᠡᠢ᠃     ᠪᠤᠯᠪᠠᠰᠤᠷᠠᠯ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠺᠤᠮᠫᠢᠦ᠋ᠲ᠋ᠧᠷ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠯᠢᠦ ᠸᠧᠶ ᠳ᠋ᠦᠩ ᠢ ᠤᠷᠢᠵᠤ ᠲᠤᠰᠬᠠᠶ ᠰᠡᠳᠦᠪ ᠢᠶᠠᠷ ᠬᠢᠴᠢᠶᠡᠯᠯᠡᠭᠦᠯᠵᠡᠢ᠃ ᠯᠢᠦ ᠸᠧᠢ ᠳ᠋ᠦᠩ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠲᠣᠭᠤᠷᠢᠨ ᠳᠤ ᠲᠦᠢᠮᠣᠴᠢᠯᠠᠨ ᠥᠭᠦᠯᠡᠵᠦ᠂ DeepSeek ᠤᠨ ᠮᠡᠷᠭᠡᠵᠢᠯ ᠤᠨ ᠪᠦᠲᠦᠴᠡ ᠪᠣᠯᠤᠨ ᠭᠤᠣᠯᠯᠠᠭᠴᠢ ᠳᠠᠪᠠᠭᠤᠯᠢᠭ ᠢ ᠭᠦᠨᠵᠡᠭᠡᠢ ᠵᠠᠳᠠᠯᠤᠨ ᠰᠢᠨᠵᠢᠯᠡᠵᠦ᠂ DeepSeek ᠤᠨ ᠠᠵᠢᠯ ᠤᠨ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠤᠯᠠᠨ ᠶᠠᠩᠵᠤ ᠶᠢᠨ ᠬᠡᠷᠡᠭᠯᠡᠭᠡᠨ ᠤ ᠪᠠᠶᠢᠳᠠᠯ ᠢ ᠰᠢᠨᠵᠢᠯᠡᠨ ᠵᠠᠳᠠᠯᠵᠠᠢ᠃     ᠲᠤᠰ ᠣᠳᠠᠭᠠᠨ ᠤ ᠪᠣᠯᠪᠠᠰᠤᠷᠠᠯ ᠨᠢ ᠤᠯᠤᠰ ᠤᠨ ᠵᠣᠬᠢᠶᠠᠮᠠᠯ ᠤᠶᠤᠨ ᠴᠢᠳᠠᠪᠤᠷᠢ ᠤᠨ ᠬᠥᠭᠵᠢᠯᠲᠡ ᠶᠢ ᠠᠬᠢᠭᠤᠯᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠺᠠᠳ᠋ᠷ ᠠᠵᠢᠯᠳᠠᠨ ᠤ ᠲᠣᠭᠠᠴᠢᠯᠠᠭᠰᠠᠨ ᠬᠡᠪ ᠪᠣᠯᠪᠠᠰᠤᠷᠠᠯ ᠪᠣᠯᠤᠨ ᠤᠶᠤᠨᠴᠢᠯᠠᠭᠰᠠᠨ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠴᠠᠭ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠠᠯᠬᠤᠮ ᠢ ᠰᠠᠯᠤᠯ ᠦᠭᠡᠢ ᠳᠠᠭᠠᠬᠤ ᠶᠢᠨ ᠲᠥᠯᠥᠭᠡ ᠶᠤᠮ᠃ ᠪᠣᠯᠪᠠᠰᠤᠷᠠᠯ ᠢᠶᠠᠷ ᠳᠡᠮᠵᠢᠨ ᠪᠤᠯᠪᠠᠰᠤᠷᠠᠯ ᠳᠤ ᠤᠷᠤᠯᠴᠠᠭᠰᠠᠳ ᠨᠢ ᠵᠣᠬᠢᠶᠠᠮᠠᠯ ᠤᠶᠤᠨ ᠴᠢᠳᠠᠪᠤᠷᠢ ᠮᠡᠷᠭᠡᠵᠢᠯ ᠤᠨ ᠲᠤᠬᠠᠶ ᠣᠶᠢᠯᠠᠭᠠᠯᠲᠠ ᠪᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠲᠣᠭᠠᠴᠢᠯᠠᠭᠰᠠᠨ᠂ ᠤᠶᠤᠨᠴᠢᠯᠠᠭᠰᠠᠨ ᠬᠥᠭᠵᠢᠯᠲᠡ ᠶᠢ ᠳᠥᠯᠭᠢᠨ ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠳᠤ ᠢᠳᠡᠪᠬᠢᠲᠡᠶ ᠦᠢᠯᠡᠳᠦᠯ ᠦᠵᠡᠭᠦᠯᠵᠡᠢ᠃      ᠪᠣᠯᠪᠠᠰᠤᠷᠠᠯ ᠢ ᠬᠤᠰᠢᠭᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︵ᠣᠷᠣᠨ ᠲᠤᠭᠠᠨ ᠤ ᠠᠯᠪᠠᠨ ᠬᠡᠷ︶᠂ ᠬᠤᠰᠢᠭᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪᠯᠡᠯ ᠤᠨ ᠬᠤᠷᠢᠶ᠎ᠠ ᠬᠠᠮᠲᠤᠪᠠᠷ ᠳᠠᠭᠠᠭᠠᠴᠢᠯᠠᠨ ᠡᠷᠬᠢᠯᠡᠵᠥ᠂ ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ ᠣᠷᠣᠯᠴᠠᠵᠠᠶ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号