ᠬᠦᠪᠡᠭᠡᠲᠦ ᠰᠢᠷ᠎ᠠ ᠬᠤᠰᠢᠭᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/4/25
     4 ᠰᠠᠷ᠎ᠠ ᠶᠢᠨ 21 ᠤ ᠡᠳᠦᠷ᠂ ᠬᠦᠪᠡᠭᠡᠲᠦ ᠰᠢᠷ᠎ᠠ ᠬᠤᠰᠢᠭᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ  ᠠᠬᠢᠭᠤᠯᠬᠤ ᠠᠵᠢᠯᠯᠠᠭ᠎ᠠ ᠶᠢᠨ ᠲᠤᠰᠬᠠᠶ ᠰᠡᠳᠦᠪᠲᠦ ᠪᠤᠯᠪᠠᠰᠤᠷᠠᠯ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᡁᠢ ᠡᠦ ᠪᠣᠯᠪᠠᠰᠤᠷᠠᠯ ᠳᠤ ᠣᠷᠣᠯᠴᠠᠵᠤ ᠶᠠᠷᠢᠶ᠎ᠠ ᠬᠢᠵᠡᠢ᠃     ᠪᠤᠯᠪᠠᠰᠤᠷᠠᠯ ᠳᠤ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠬᠤᠶᠠᠳᠤᠭᠠᠷ ᠳᠡᠰ ᠤᠨ ᠫᠷᠤᠹᠰᠰᠤᠷ᠂ ᠠᠰᠫᠢᠷᠠᠨᠲ ᠤᠨ ᠵᠢᠯᠣᠭᠤᠳᠣᠭᠴᠢ ᠪᠠᠭᠰᠢ᠂ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠨᠠᠷᠠᠲᠤ ᠪᠠᠭᠰᠢ ᠯᠢ ᠱᠤ᠋ ᠷᠦᠩ ᠢ ᠤᠷᠢᠵᠤ ᠲᠤᠰᠬᠠᠶ ᠰᠡᠳᠦᠪᠲᠦ ᠪᠤᠯᠪᠠᠰᠤᠷᠠᠯ ᠬᠢᠯᠭᠡᠵᠡᠢ᠃ ᠯᠢ ᠱᠤ᠋ ᠷᠦᠩ ᠠᠴᠠ ︽ᠤᠮᠠᠷᠠᠲᠤ ᠬᠢᠯᠢ ᠶᠢᠨ ᠰᠣᠶᠣᠯ ᠤᠨ  ᠠᠭᠤᠯᠤᠭᠳᠠᠬᠤᠨ ᠢᠶᠠᠷ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠪᠠᠶᠢᠭᠤᠯᠬᠤ︾ ᠭᠤᠤᠯ ᠰᠡᠳᠦᠪ ᠢᠶᠠᠷ ᠰᠣᠶᠣᠯ᠂ ᠤᠮᠠᠷᠠᠲᠤ ᠬᠢᠯᠢ ᠶᠢᠨ ᠰᠣᠶᠣᠯ᠂ ᠤᠮᠠᠷᠠᠲᠤ ᠬᠢᠯᠢ ᠶᠢᠨ ᠰᠣᠶᠣᠯ ᠤᠨ ᠡᠬᠢ ᠪᠠᠶᠠᠯᠢᠭ ᠤᠨ ᠵᠠᠭᠠᠭ᠂ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠴᠢᠨᠠᠷ᠂ ᠤᠮᠠᠷᠠᠲᠤ ᠬᠢᠯᠢ ᠶᠢᠨ ᠰᠣᠶᠣᠯ ᠤᠨ ᠡᠬᠢ ᠪᠠᠶᠠᠯᠢᠭ ᠢ ᠬᠡᠷᠬᠢᠨ ᠠᠭᠤᠳᠠᠯᠬᠤ᠂ ᠤᠮᠠᠷᠠᠲᠤ ᠬᠢᠯᠢ ᠶᠢᠨ ᠲᠡᠤᠬᠡᠨ ᠳᠤ ᠣᠷᠣᠰᠢᠵᠤ ᠪᠠᠶᠢᠭ᠎ᠠ ᠳᠥᠷᠪᠡᠨ ᠵᠦᠢᠯ ᠤᠨ ᠵᠠᠭᠪᠤᠷ ᠢ ᠬᠡᠷᠬᠢᠨ ᠠᠭᠤᠳᠠᠯᠬᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠤᠨ ᠪᠣᠳᠠᠲᠤ ᠰᠠᠭᠤᠷᠢ ᠶᠢ ᠡᠭᠦᠳᠬᠦ ᠳᠤᠬᠠᠢ ᠬᠢᠴᠢᠶᠡᠯᠯᠡᠵᠤ᠂ ︽ᠳᠡᠷᠭᠡᠳᠡᠬᠢ ᠤᠮᠠᠷᠠᠲᠤ ᠬᠢᠯᠢ ᠶᠢᠨ ᠰᠣᠶᠣᠯ︾ ᠤᠨ ᠦᠵᠡᠭᠳᠡᠯ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠤᠨ ᠡᠨᠧᠷᠭᠢ ᠶᠢ ᠣᠶᠢᠯᠠᠭᠠᠬᠤ ᠳᠤᠬᠠᠢ ᠲᠠᠶᠢᠯᠤᠮᠵᠢ ᠬᠢᠭᠰᠡᠨ ᠪᠥᠭᠡᠳ ᠬᠦᠪᠡᠭᠡᠲᠦ ᠰᠢᠷ᠎ᠠ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠬᠡᠷᠬᠢᠨ ᠡᠭᠦᠳᠬᠦ ᠲᠤᠬᠠᠶ ᠮᠠᠰᠢ ᠣᠯᠠᠨ ᠬᠠᠨᠳᠤᠯᠭᠠᠲᠤ ᠴᠢᠨᠠᠷᠲᠠᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃     ᠪᠤᠯᠪᠠᠰᠤᠷᠠᠯ ᠠᠴᠠ᠂ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠠᠮᠵᠢᠯᠴᠠᠭ᠎ᠠ ᠪᠠᠨ ᠴᠢᠩᠭᠠᠳᠬᠠᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠬᠠᠣᠠᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠠᠯᠢᠭ ᠠᠭᠤᠯᠬᠤᠨ ᠢ ᠭᠦᠨᠵᠡᠭᠡᠶ ᠰᠤᠳᠤᠯᠤᠨ ᠲᠠᠶᠢᠯᠪᠤᠷᠢᠯᠠᠵᠤ᠂ ᠬᠦᠪᠡᠭᠡᠲᠦ ᠰᠢᠷ᠎ᠠ ᠬᠤᠰᠢᠭᠤᠨ ᠤ ᠬᠢᠯᠢ ᠳᠣᠲᠣᠷᠠᠬᠢ ᠤᠮᠠᠷᠠᠲᠤ ᠶᠢᠨ ᠰᠣᠶᠣᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠤᠮᠠᠷᠠᠲᠤ ᠶᠢᠨ ᠰᠣᠶᠣᠯ ᠢᠶᠠᠨ ᠠᠯᠳᠠᠷᠰᠢᠭᠤᠯᠵᠤ᠂ ᠨᠠᠩ ᠣᠯᠠᠨ ᠬᠦᠮᠦᠨ ᠳᠤ ᠬᠥᠪᠡᠭᠡᠲᠦ ᠰᠢᠷ᠎ᠠ ᠬᠤᠰᠢᠭᠤᠨ ᠤ ᠥᠨᠢ ᠤᠳᠠᠭᠠᠨ ᠲᠡᠦᠬᠡ ᠰᠣᠶᠣᠯ ᠤᠨ ᠠᠭᠤᠯᠬᠤᠨ ᠢ ᠲᠠᠨᠢᠭᠤᠯᠬᠤ ᠬᠡᠷᠡᠭᠲᠡᠢ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠢᠩᠭᠠᠳᠬᠠᠵᠤ᠂ ᠰᠣᠶᠣᠯ ᠵᠤᠭᠠᠴᠠᠯ ᠢ  ᠠᠭᠤᠰᠤᠯᠴᠠᠭᠤᠯᠤᠨ᠂ ᠠᠷᠠᠳ ᠤᠯᠠᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠤᠮᠠᠷᠠᠲᠤ ᠶᠢᠨ ᠰᠣᠶᠣᠯ ᠤᠨ ᠬᠥᠪᠡᠭᠡᠲᠦ ᠰᠢᠷ᠎ᠠ ᠬᠤᠰᠢᠭᠤᠨ ᠤ ᠲᠦᠷᠦᠯ ᠲᠡᠮᠳᠡᠭ ᠢ ᠤᠯᠠᠮ ᠴᠢᠨᠠᠭᠰᠢᠳᠠ  ᠡᠬᠦᠳᠬᠦ ᠬᠡᠷᠡᠭᠲᠡᠢ ᠭᠡᠵᠥ ᠴᠢᠬᠤᠯᠠᠴᠢᠯᠠᠵᠠᠢ᠃     ᠬᠤᠰᠢᠭᠤ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠪᠦᠭᠦ ᠺᠠᠳ᠋ᠷ ᠠᠵᠢᠯᠲᠠᠨ᠂ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠲᠥᠯᠥᠭᠡᠯᠡᠭᠴᠢ ᠪᠣᠯᠪᠠᠰᠤᠷᠠᠯ ᠳᠤ ᠤᠷᠤᠯᠴᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号