4 ᠰᠠᠷ᠎ᠠ ᠶᠢᠨ 15 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠪᠤᠯᠠᠭ ᠠᠭᠤᠳᠠᠮ ᠲᠠᠯᠠᠪᠠᠶ ᠳᠤ 2025 | ᠣᠨ ᠤ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠵᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ | ᠮᠦᠩᠬᠦᠨᠪᠣᠯᠠᠭ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ | ᠤ ᠳᠠᠷᠤᠭ᠎ᠠ ᠶᠠᠨ ᠱᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠲᠡᠭᠰᠢ ᠵᠢᠴᠢ | ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠡ ᠶᠢᠨ ᠺᠠᠳ᠋ᠷ | ᠠᠵᠢᠯᠲᠠᠨ᠂ ᠰᠠᠭᠤᠭᠠᠯᠢ ᠠᠷᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠡᠲᠡᠭᠡᠳ ᠤᠨ ᠲᠥᠯᠥᠭᠡᠯᠡᠭᠴᠢ ᠬᠠᠮᠲᠤ ᠪᠠᠷ ᠰᠠᠨᠠᠭᠠᠴᠢᠯᠠᠭ᠎ᠠ ᠶᠢᠨ | ᠪᠢᠴᠢᠭ ᠢ ᠣᠩᠰᠢᠵᠣ᠂ ᠰᠠᠨᠠᠭᠠᠴᠢᠯᠠᠭ᠎ᠠ ᠶᠢᠨ ᠪᠢᠴᠢᠭ ᠲᠤ ᠣᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ | ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠤᠯᠤᠰ ᠤᠨ ᠠᠮᠤᠷ ᠲᠦᠪᠰᠢᠨ ᠤ ︽ᠬᠠᠮᠠᠭᠠᠯᠠᠭᠴᠢ︾ ︽ | ᠤᠯᠠᠮᠵᠢᠯᠠᠭᠴᠢ︾ ︽ᠦᠢᠯᠡᠳᠦᠯᠭᠡᠵᠢᠭᠦᠯᠦᠭᠴᠢ︾ ᠪᠣᠯᠬᠤ ᠶᠢ ᠣᠷᠢᠶᠠᠯᠠᠬᠰᠠᠨ ᠪᠠᠶᠢᠨ᠎ᠠ᠃ | ᠠᠵᠢᠯᠯᠠᠭᠠᠨ ᠤ ᠠᠬᠤᠢ ᠲᠠᠯᠠᠪᠠᠶ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠢᠨ ᠬᠤᠰᠢᠭᠤᠨ ᠤ | ᠤᠯᠤᠰ ᠤᠨ ᠠᠮᠤᠷ ᠲᠦᠪᠰᠢᠨ ᠤ ᠰᠣᠶᠣᠯ ᠤᠬᠠᠭᠤᠯᠭ᠎ᠠ ᠶᠢᠨ ᠬᠤᠩᠭᠢᠯ᠂ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠦᠵᠡᠭᠦᠯᠦᠯᠭᠡ ᠶᠢᠨ ᠰᠠᠮᠪᠠᠷ᠎ᠠ ᠶᠢ ᠲᠣᠭᠤᠷᠢᠨ ᠦᠵᠡᠵᠦ᠂ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ | ᠯᠠᠪᠯᠠᠬᠤ ᠲᠠᠪᠴᠠᠩ ᠳᠤᠬᠢᠷᠠᠭᠤᠯᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ | ᠬᠡᠯᠪᠡᠷᠢ ᠪᠠᠷ ᠳᠠᠮᠵᠢᠭᠤᠯᠤᠨ᠂ ᠣᠯᠠᠨ ᠳᠤ ᠤᠯᠤᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ | ᠤᠬᠠᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠨᠢ | ᠴᠢᠩᠭᠠᠳᠬᠠᠬᠰᠠᠨ ᠪᠠᠶᠢᠨ᠎ᠠ᠃ ︽ᠡᠨᠡ ᠵᠢᠯ ᠪᠤᠯ ᠤᠯᠤᠰ ᠤᠨ ᠠᠮᠤᠷ ᠲᠦᠪᠰᠢᠨ ᠤ ᠬᠠᠤᠯᠢ ᠶᠢ ᠨᠡᠶᠢᠳᠡᠯᠡᠭᠰᠡᠨ | ᠠᠷᠪᠠᠳᠤᠭᠠᠷ ᠵᠢᠯ ᠪᠤᠯᠤᠨ᠎ᠡ︔ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠡᠬᠢᠯᠡᠯᠲᠡ ᠶᠢᠨ ᠵᠢᠯ ᠮᠥᠨ᠂ ᠨᠠᠩ ᠴᠤ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠥᠰᠦᠪᠯᠡᠬᠦ | ᠵᠢᠯ ᠮᠥᠨ︔ ᠡᠶᠢᠮᠦ ᠠᠴᠠ ᠡᠨᠡ ᠵᠢᠯ ᠤᠨ ᠤᠯᠤᠰ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠨᠢ ᠨᠠᠩ | ᠴᠢᠬᠤᠯᠠ ᠶᠤᠮ︾ ᠭᠡᠵᠤ ᠬᠦᠪᠡᠭᠡᠳᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠲᠡᠳ᠋ | ᠡᠷᠬᠢᠯᠡᠭᠴᠢ ᠱᠢ ᠽᠧ ᠹᠠᠩ ᠶᠠᠷᠢᠯ᠎ᠠ᠃ | ᠳᠠᠷᠠᠭ᠎ᠠ ᠨᠢ᠂ ᠤᠯᠤᠰ ᠤᠨ ᠠᠮᠤᠷ ᠲᠦᠪᠰᠢᠨ ᠤ ᠬᠠᠤᠯᠢ ᠶᠢᠨ ᠡᠯ᠎ᠡ ᠲᠠᠯ᠎ᠠ ᠶᠢ ᠬᠠᠮᠤᠷᠤᠭᠰᠠᠨ᠂ ᠲᠥᠪ | ᠴᠢᠩᠭ᠎ᠠ ᠬᠠᠤᠯᠢ ᠴᠠᠭᠠᠵᠠ ᠶᠢᠨ ᠵᠤᠷᠪᠤᠰ ᠲᠠᠢ ᠮᠥᠷᠲᠡᠭᠡᠨ ᠪᠠᠰᠠ ᠠᠮᠢᠳᠤᠷᠠᠯ ᠲᠠᠢ ᠤᠢᠢᠷᠠᠳᠤᠭᠰᠠᠨ ᠪᠣᠳᠠᠲᠤ | ᠬᠡᠷᠡᠭ ᠤᠨ ᠵᠢᠱᠢᠶ᠎ᠡ ᠲᠠᠢ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠰᠡᠳᠦᠪ ᠬᠠᠷᠢᠭᠤᠯᠬᠤ ᠠᠵᠢᠯᠯᠠᠭ᠎ᠠ | ᠥᠷᠨᠢᠭᠦᠯᠵᠤ᠂ ᠰᠠᠭᠤᠭᠠᠯᠢ ᠠᠷᠠᠳ ᠢᠳᠡᠪᠬᠢᠲᠡᠢ ᠪᠠᠷ ᠣᠷᠣᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ | ᠮᠠᠰᠢ ᠬᠦᠷ ᠬᠥᠭᠵᠢᠶᠡᠨ ᠲᠠᠢ ᠪᠠᠶᠢᠯ᠎ᠠ᠃ ᠰᠡᠳᠦᠪ ᠬᠠᠷᠢᠭᠤᠯᠬᠤ ᠪᠠᠷ ᠳᠡᠮᠵᠢᠨ᠂ ᠰᠠᠭᠤᠭᠠᠯᠢ ᠠᠷᠠᠳ ᠤᠯᠤᠰ ᠤᠨ | ᠠᠮᠤᠷ ᠲᠦᠪᠰᠢᠨ ᠤ ᠮᠡᠳᠡᠯᠭᠡ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ ᠪᠠᠰᠠ | ᠭᠤᠶᠣ ᠰᠠᠶᠢᠬᠠᠨ ᠭᠠᠷ ᠪᠠᠯᠡᠭ ᠲᠣᠰᠣᠬᠰᠠᠨ ᠪᠠᠶᠢᠨ᠎ᠠ᠃ ︽ᠲᠠᠷᠠᠭᠠᠴᠢ ᠶᠢᠨ ᠠᠯᠬᠤᠮ ᠳᠤ᠂ ᠪᠢᠳᠡ ᠤᠯᠤᠰ ᠤᠨ | ᠠᠮᠤᠷ ᠲᠦᠪᠰᠢᠨ ᠤ ᠬᠦᠮᠦᠵᠢᠯ ᠢ ᠭᠠᠴᠠᠭ᠎ᠠ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠦᠷᠭᠦᠯᠵᠢᠯᠡᠨ | ᠥᠷᠨᠢᠭᠦᠯᠵᠦ᠂ ᠭᠠᠴᠠᠭᠠᠨ ᠤ ᠮᠠᠯᠴᠢᠳ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠤᠯᠤᠰ ᠤᠨ ᠠᠮᠤᠷ | ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠎ᠡ︔ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠠᠯᠪᠠᠨ | ᠲᠤᠰᠢᠶᠠᠯᠲᠠᠨ ᠪᠠ ᠬᠤᠯᠪᠣᠭᠳᠠᠯ ᠪᠦᠬᠦᠢ ᠰᠣᠷᠭᠠᠭᠤᠯᠢ ᠶᠢᠨ ᠬᠦᠷᠢᠶᠡᠨ ᠤ ᠤᠯᠠᠨ ᠢᠶᠠᠷ ᠢᠶᠠᠨ ᠮᠡᠳᠡᠬᠦ ᠶᠠᠪᠤᠳᠠᠯ | ᠪᠣᠯᠭᠠᠬᠤ ᠪᠠᠷ ᠪᠠᠷᠠᠬᠤ ᠦᠭᠡᠢ᠂ ᠨᠡᠩ ᠴᠤ ᠥᠷᠭᠡᠨ ᠤᠯᠠᠨ ᠰᠠᠭᠤᠭᠠᠯᠢ ᠠᠷᠠᠳ ᠤᠨ ᠳᠤᠮᠳᠠ ᠲᠦᠭᠡᠮᠡᠯᠵᠢᠭᠦᠯᠵᠦ᠂ | ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠤᠨ᠎ᠠ︾ ᠭᠡᠵᠤ ᠱᠢ ᠽᠧ | ᠹᠠᠩ ᠶᠠᠷᠢᠯ᠎ᠠ᠃ |