4 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ᠂ | ᠬᠤᠰᠢᠭᠤ ᠳᠠᠷᠤᠭ᠎ᠠ ᠯᠢ ᠵᠢᠶᠠᠨ ᠴᠢᠶᠠᠩ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠳᠤᠷᠵᠢᠵᠠᠪ ᠢ | ᠪᠤᠯᠭᠤᠭᠠᠨ ᠳᠤᠬᠤᠨᠢᠭᠤᠯᠵᠤ᠂ ᠲᠡᠬᠦᠨ ᠤ ᠬᠦᠪᠡᠭᠡᠲᠦ ᠰᠢᠷ᠎ᠠ ᠬᠤᠰᠢᠭᠤᠨ ᠤ ᠬᠦᠭᠵᠢᠯᠲᠡ ᠪᠠ ᠡᠯ᠎ᠡ ᠠᠵᠢᠯ ᠲᠦᠷᠦᠯ | ᠳᠤ ᠦᠵᠡᠬᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠠᠢ᠃ | ᠳᠤᠷᠵᠢᠵᠠᠪ ᠤᠨ ᠭᠡᠷ ᠲᠤ᠂ ᠯᠢ ᠵᠢᠶᠠᠨ ᠴᠢᠶᠠᠩ ᠲᠡᠬᠦᠨ ᠲᠠᠢ ᠳᠤᠳᠤᠨᠤ ᠪᠠᠷ ᠶᠠᠷᠢᠯᠴᠠᠵᠤ᠂ ᠪᠡᠶ᠎ᠡ ᠰᠡᠳᠬᠢᠯ | ᠤᠨ ᠬᠢᠨᠢ ᠡᠷᠡᠬᠦᠯ ᠮᠡᠨᠳᠦ᠂ ᠠᠵᠤ ᠠᠮᠢᠳᠤᠷᠠᠯ ᠤᠨ ᠪᠠᠶᠢᠳᠠᠯ ᠢ ᠠᠰᠠᠭᠤᠨ ᠬᠠᠯᠠᠮᠵᠢᠯᠠᠵᠤ᠂ ᠬᠦᠪᠡᠭᠡᠲᠦ ᠰᠢᠷ᠎ᠠ | ᠬᠤᠰᠢᠭᠤᠨ ᠤ ᠪᠠᠨ ᠬᠦᠭᠵᠢᠯᠲᠡ ᠢᠷᠡᠭᠡᠳᠦᠢ ᠶᠢᠨ ᠳᠤᠬᠠᠢ ᠶᠠᠷᠢᠯᠴᠠᠵᠤ᠂ ᠬᠠᠭᠤᠴᠢ ᠬᠦᠭᠡᠷᠦᠨ ᠵᠤᠭᠤᠭ ᠳᠡᠯᠭᠡᠵᠤ᠂ | ᠲᠡᠬᠦᠨ ᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠳᠤᠬᠠᠢ ᠰᠠᠨᠠᠯ ᠵᠦᠪᠯᠡᠯᠭᠡ ᠶᠢ | ᠰᠤᠨᠤᠰᠴᠤ᠂ ᠠᠬᠠᠮᠠᠳ ᠺᠠᠳ᠋ᠷ ᠤᠳ ᠮᠠᠨᠢ ᠠᠷᠭ᠎ᠠ ᠳᠤᠷᠰᠢᠯᠭ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠦᠨᠡᠲᠦ | ᠰᠤᠷᠭᠠᠯ ᠢᠶᠠᠨ ᠳᠡᠪᠰᠢᠬᠦᠯᠦᠨ᠂ ᠦᠷᠬᠦᠯᠵᠢᠯᠡᠨ ᠬᠦᠪᠡᠭᠡᠲᠦ ᠰᠢᠷ᠎ᠠ ᠬᠤᠰᠢᠭᠤᠨ ᠤ ᠪᠠᠨ ᠴᠢᠨᠠᠷ ᠰᠠᠶᠢᠲᠠᠢ ᠬᠦᠭᠵᠢᠯᠲᠡ | ᠳᠤ ᠠᠷᠭ᠎ᠠ ᠤᠬᠠᠭᠠᠨ ᠭᠠᠷᠭᠠᠵᠤ᠂ ᠬᠦᠴᠦᠨ ᠴᠢᠳᠡᠯ ᠢᠶᠠᠨ ᠡᠷᠬᠦᠬᠦ ᠶᠢ ᠬᠦᠰᠡᠭᠰᠡᠨ ᠪᠠᠶᠢᠨ᠎ᠠ᠃ | ᠯᠢ ᠵᠢᠶᠠᠨ ᠴᠢᠶᠠᠩ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠨᠢ ᠨᠠᠮ ᠤᠨ ᠰᠢᠯᠢᠳᠡᠭ ᠤᠯᠠᠮᠵᠢᠯᠠᠯ ᠢ | ᠦᠷᠬᠦᠯᠵᠢᠯᠡᠨ ᠪᠠᠳᠠᠷᠠᠭᠤᠯᠵᠤ᠂ ᠠᠬᠠᠮᠠᠳ ᠢᠶᠠᠨ ᠬᠠᠯᠠᠮᠵᠢᠯᠠᠨ ᠬᠠᠶᠢᠷᠠᠯᠠᠬᠤ ᠰᠡᠳᠬᠢᠯᠭᠡ ᠪᠠᠷ ᠰᠢᠨ᠎ᠡ ᠴᠠᠭ ᠦᠶ᠎ᠡ ᠶᠢᠨ | ᠠᠬᠠᠮᠠᠳ ᠺᠠᠳ᠋ᠷ ᠤᠨ ᠠᠵᠢᠯ ᠢ ᠰᠠᠶᠢᠳᠤᠷ ᠬᠢᠵᠤ᠂ ᠠᠬᠠᠮᠠᠳ ᠺᠠᠳ᠋ᠷ ᠢ ᠤᠯᠤᠰ ᠲᠦᠷᠦ ᠳᠡᠭᠡᠷ᠎ᠡ ᠬᠦᠨᠳᠦᠯᠡᠨ᠂ ᠦᠵᠡᠯ | ᠰᠠᠨᠠᠭᠠᠨ ᠳᠡᠭᠡᠷ᠎ᠡ ᠪᠠᠨ ᠬᠠᠯᠠᠮᠵᠢᠯᠠᠵᠤ᠂ ᠠᠮᠢᠳᠤᠷᠠᠯ ᠳᠤᠮᠳᠠ ᠪᠠᠨ ᠬᠠᠷᠠᠭᠠᠯᠵᠠᠨ᠂ ᠤᠶᠤᠨ ᠰᠠᠨᠠᠭᠠᠨ ᠳᠡᠭᠡᠷ᠎ᠡ ᠪᠠᠨ | ᠬᠠᠶᠢᠷᠠᠯᠠᠵᠤ᠂ ᠲᠡᠳᠡᠨ ᠤ ᠪᠤᠳᠠᠳᠦ ᠬᠦᠴᠢᠷᠳᠡᠯ ᠢ ᠨᠢ ᠰᠢᠢᠳᠪᠦᠷᠢᠯᠡᠵᠤ᠂ ᠦᠲᠡᠯᠦᠭᠡ ᠨᠠᠰᠤᠨ ᠤ ᠵᠤᠯ ᠵᠢᠷᠭᠠᠯ ᠢ | ᠡᠳ᠋ᠯᠡᠬᠦᠯᠬᠦ ᠬᠡᠷᠡᠭᠲᠠᠢ ᠭᠡᠵᠤ ᠴᠢᠬᠤᠯᠠᠴᠢᠯᠠᠭᠰᠠᠨ ᠪᠠᠶᠢᠨ᠎ᠠ᠃ |