30 ᠳ᠋ᠤᠭᠠᠷ ᠣᠳᠠᠭᠠᠨ ᠤ ︽ᠳᠡᠯᠡᠬᠡᠶ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠳᠤ᠂ ᠰᠢ | ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠠᠵᠢᠯ ᠤᠨ ᠭᠤᠤᠯ ᠰᠢᠵᠢᠮ ᠢ ᠪᠥᠬᠦ | ᠲᠠᠯ᠎ᠠ ᠪᠠᠷ ᠲᠤᠤᠱᠯᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ | ᠪᠠᠳᠠᠷᠠᠭᠤᠯᠤᠨ᠂ ᠪᠥᠬᠦ ᠠᠷᠠᠳ ᠢᠶᠠᠷ ᠢᠶᠠᠨ ᠨᠣᠮ ᠤᠩᠰᠢᠬᠤ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ 4 | ᠰᠠᠷ᠎ᠠ ᠶᠢᠨ 18 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤ ᠨᠢ ᠬᠤᠰᠢᠭᠤ | ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠨ ᠬᠤᠰᠢᠭᠤᠨ ᠤ ᠨᠣᠮ ᠤᠨ ᠰᠠᠩ ᠳᠤ ︽ᠤᠮᠠᠷᠠᠲᠤ ᠬᠢᠯᠢ ᠶᠢᠨ | ᠤᠩᠰᠢᠭᠤ︾ ᠳᠡᠯᠡᠬᠡᠶ ᠶᠢᠨ ᠨᠣᠮ ᠤᠩᠰᠢᠬᠤ ᠡᠳᠦᠷ ᠤᠨ ᠰᠢᠷᠢᠰ ᠠᠵᠢᠯᠯᠠᠭ᠎ᠠ ᠶᠢ ᠦᠷᠨᠢᠭᠦᠯᠵᠡᠢ᠃ | ᠠᠵᠢᠯᠯᠠᠭ᠎ᠠ ᠳᠡᠭᠡᠷ᠎ᠡ᠂ ᠪᠦᠬᠦ ᠺᠠᠳ᠋ᠷ ᠠᠵᠢᠯᠲᠠᠳ ᠨᠣᠮ ᠤᠨ ᠰᠠᠩ ᠢ ᠲᠣᠭᠤᠷᠢᠨ ᠦᠵᠡᠵᠥ᠂ ᠨᠣᠮ | ᠤᠩᠰᠢᠭᠰᠠᠨ ᠲᠦᠷᠥᠭᠳᠡᠯ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠬᠤᠪᠢᠶᠠᠯᠴᠠᠬᠤ᠂ ᠦᠨᠳᠦᠰᠦᠲᠡᠨ ᠤ | ᠪᠦᠯᠬᠦᠮᠳᠡᠯ ᠤᠨ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠶᠢ ᠦᠷᠨᠢᠬᠦᠯᠵᠠᠢ᠃ ᠣᠷᠣᠯᠴᠠᠭᠰᠠᠳ ᠠᠵᠢᠯᠯᠠᠭ᠎ᠠ ᠪᠠᠷ | ᠳᠠᠮᠵᠢᠨ ᠦᠨᠳᠦᠰᠦᠲᠡᠨ ᠤ ᠪᠦᠯᠬᠦᠮᠳᠡᠯ ᠤᠨ ᠲᠤᠬᠠᠢ ᠲᠠᠨᠢᠯᠲᠠ ᠣᠶᠢᠯᠠᠭᠠᠯᠲᠠ ᠪᠠᠨ ᠨᠡᠮᠡᠭᠳᠡᠭᠦᠯᠵᠥ᠂ ᠦᠨᠳᠦᠰᠦᠲᠡᠨ | ᠤ ᠪᠦᠯᠬᠦᠮᠳᠡᠯ ᠤᠨ ᠳᠤᠬᠠᠢ ᠰᠠᠶᠢᠨ ᠰᠠᠶᠢᠬᠠᠨ ᠢᠷᠥᠭᠡᠯ ᠵᠥᠩᠨᠡᠯ ᠢᠶᠠᠨ ᠳᠡᠪᠰᠢᠬᠦᠯᠵᠠᠢ᠃ ᠡᠭᠦᠨ ᠠᠴᠠ ᠭᠠᠳᠠᠨ᠎ᠠ᠂ | ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ︽ᠢᠰᠡᠭᠡᠶ ᠬᠢᠬᠦ ᠤᠷ᠎ᠠ ᠮᠡᠷᠭᠡᠵᠢᠯ︾ ᠤᠨ | ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠰᠤᠪᠤᠳᠤᠨᠴᠡᠴᠡᠭ ᠢ ᠣᠷᠢᠵᠤ ᠢᠰᠡᠬᠡᠢ ᠤᠷᠠᠯᠠᠯ ᠬᠢᠬᠦ ᠳᠤᠬᠠᠢ ᠲᠠᠶᠢᠯᠪᠤᠷᠢ | ᠬᠢᠯᠭᠡᠵᠡᠢ᠃ | ᠲᠣᠰ ᠤᠳᠠᠭᠠᠨ ᠤ ᠨᠣᠮ ᠤᠩᠰᠢᠬᠤ ᠰᠢᠷᠢᠰ ᠠᠵᠢᠯᠯᠠᠭ᠎ᠠ ᠨᠢ ᠨᠣᠮ ᠤᠩᠰᠢᠬᠤ ᠶᠢ ᠦᠨᠳᠦᠰᠦᠲᠡᠨ ᠤ | ᠪᠦᠯᠬᠦᠮᠳᠡᠯ ᠤᠨ ᠬᠥᠮᠦᠵᠢᠯ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠤᠯᠠᠮᠵᠢᠯᠠᠯ ᠲᠠᠢ | ᠣᠷᠭᠠᠨᠢᠭ ᠢᠶᠠᠷ ᠤᠶᠠᠯᠳᠤᠭᠤᠯᠵᠤ᠂ ᠺᠠᠳ᠋ᠷ ᠠᠵᠢᠯᠲᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ᠂ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠢᠳᠡᠪᠬᠢᠲᠡᠶ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃ | ︽ᠥᠨᠥᠳᠦᠷ ᠤᠨ ᠠᠵᠢᠯᠯᠠᠭ᠎ᠠ ᠨᠢ ᠮᠠᠨ ᠤ ᠺᠠᠳ᠋ᠷ ᠠᠵᠢᠯᠲᠠᠳ ᠲᠤ ᠥᠪᠡᠷ ᠢ ᠪᠠᠨ ᠬᠠᠷᠠᠭᠤᠯᠬᠤ ᠲᠠᠪᠴᠠᠩ ᠪᠠ | ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠬᠠᠷᠠᠭᠤᠯᠬᠤ ᠲᠠᠪᠴᠠᠩ ᠪᠠᠶᠢᠭᠤᠯᠵᠤ ᠥᠭᠴᠡᠢ︔ | ᠪᠢᠳᠡ ᠨᠣᠮ ᠪᠢᠴᠢᠭ ᠠᠴᠠ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠠᠢ︔ ᠡᠨᠡ ᠨᠢ | ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠢ | ᠨᠡᠮᠡᠷᠢᠯᠡᠭᠰᠡᠨ ᠪᠠᠶᠢᠨ᠎ᠠ︾ ᠭᠡᠵᠤ ᠪᠣᠭᠳᠠ ᠶᠢᠨ ᠭᠤᠣᠯ ᠰᠤᠮᠤᠨ ᠤ ᠠᠵᠢᠯᠳᠠᠨ ᠡᠩᠬᠡᠵᠤᠯᠠ ᠶᠠᠷᠢᠯ᠎ᠠ᠃ |