ᠬᠥᠪᠡᠭᠡᠲᠦ ᠰᠢᠷ᠎ᠠ ᠬᠤᠰᠢᠭᠤᠨ ᠳᠤ ᠬᠡᠷ ᠪᠦᠯᠢ ᠶᠢᠨ ᠬᠦᠮᠣᠵᠢᠯ ᠤᠨ ᠲᠣᠰᠬᠠᠢ ᠰᠡᠳᠣᠪᠳᠣ ᠲᠠᠶᠢᠯᠣᠮᠵᠢ ᠶᠠᠪᠤᠭᠳᠠᠪᠠ
ᠨᠡᠶᠢᠲᠡᠯᠡᠭᠰᠡᠨ ᠴᠠᠭ᠄
2025/4/25
     4 ᠰᠠᠷ᠎ᠠ ᠶᠢᠨ 18 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠳᠣ ᠬᠤᠷᠠᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮᠯᠢᠭ ᠬᠠᠮᠲᠤᠷᠠᠨ ᠬᠡᠷ ᠪᠦᠯᠢ ᠶᠢᠨ ᠬᠦᠮᠣᠵᠢᠯ ᠤᠨ ᠲᠣᠰᠬᠠᠢ ᠰᠡᠳᠣᠪᠳᠣ ᠲᠠᠶᠢᠯᠣᠮᠵᠢ ᠡᠷᠭᠢᠯᠡᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠡᠰᠡᠭ ᠰᠤᠷᠤᠭᠴᠢᠳ ᠤᠨ ᠬᠡᠷ ᠤᠨ ᠠᠬᠠᠮᠠᠳ ᠠᠵᠢᠯᠯᠠᠭ᠎ᠠ ᠳᠤ ᠣᠷᠣᠯᠴᠠᠵᠠᠶ᠃     ᠲᠣᠰ ᠤᠳᠠᠭᠠᠨ ᠤ ᠠᠵᠢᠯᠯᠠᠭ᠎ᠠ ᠲᠡᠬᠡᠷ᠎ᠡ ᠠᠯᠠᠱᠠ ᠵᠡᠭᠦᠨ ᠬᠤᠰᠢᠭᠤᠨ ᠤ ︽ᠰᠣᠷᠬᠤᠢ︾ ᠠᠵᠢᠯᠯᠠᠬᠤ ᠦᠷᠣᠬᠡᠨ ᠤ ᠬᠠᠷᠢᠭᠤᠴᠠᠯᠭᠠᠲᠠᠨ᠂ ︽ᠥᠪᠥᠷ ᠮᠣᠩᠭᠤᠯ ᠤᠨ ᠠᠷᠪᠠ ᠵᠠᠭᠤ ᠮᠢᠩᠭ᠎ᠠ ᠲᠦᠮᠡᠨ ᠬᠡᠷ ᠤᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ︾ ᠤᠨ ᠪᠦᠷᠢᠳᠬᠡᠭᠰᠠᠨ ᠯᠧᠺᠲ᠋ᠣᠷ᠂ ccpt ᠬᠡᠤᠬᠡᠳ ᠤᠨ ᠰᠡᠳᠬᠢᠯ ᠵᠦᠢ ᠶᠢᠨ ᠡᠮᠴᠢᠯᠡᠭᠴᠢ ᠪᠠᠭᠰᠢ ᠶᠢ ᠲᠤᠰᠬᠠᠶᠢᠯᠠᠨ ᠤᠷᠢᠵᠤ ᠲᠠᠶᠢᠯᠤᠮᠵᠢ ᠬᠢᠯᠭᠡᠵᠡᠶ᠃     ᠬᠤᠪᠢᠳᠣ ᠪᠠᠭᠰᠢ ︽ᠬᠡᠷ ᠪᠦᠯᠢ ᠶᠢᠨ ᠰᠤᠷᠭᠠᠨ ᠬᠥᠮᠦᠵᠢᠯ ᠤᠨ ᠬᠡᠤᠬᠡᠳ ᠤᠨ ᠰᠤᠷᠤᠯᠴᠠᠯᠭ᠎ᠠ ᠳᠤ ᠦᠵᠡᠭᠦᠯᠬᠦ ᠨᠥᠯᠥᠭᠡ︾ ᠭᠡᠬᠦ ᠰᠡᠳᠦᠪ ᠤᠨ ᠲᠣᠭᠤᠷᠢᠨ ᠳᠤ ᠣᠨᠣᠯ ᠤᠨ ᠵᠠᠳᠠᠯᠤᠯᠲᠠ ᠬᠢᠵᠤ᠂ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠳᠠᠮᠵᠢᠭᠤᠯᠤᠨ᠂ ᠬᠡᠤᠬᠡᠳ ᠢ ᠬᠠᠪᠰᠤᠷᠤᠨ ᠲᠣᠳᠣᠷᠬᠠᠶ ᠬᠦᠰᠡᠯᠡᠩ ᠢ ᠪᠣᠶ ᠪᠣᠯᠭᠠᠬᠤ᠂ ᠬᠡᠤᠬᠡᠳ ᠤᠨ ᠰᠤᠷᠤᠯᠴᠠᠬᠤ ᠳᠤᠷ᠎ᠠ ᠰᠣᠨᠢᠷᠬᠠᠯ ᠢ ᠳᠡᠭᠡᠭᠰᠢᠯᠡᠭᠦᠯᠬᠦ᠂ ᠰᠢᠯᠢᠳᠡᠭ ᠵᠠᠩ ᠰᠤᠷᠲᠠᠯ ᠢ ᠪᠣᠶ ᠪᠣᠯᠭᠠᠬᠤ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ᠂ ᠠᠮᠢᠳᠤᠯᠢᠭ ᠪᠥᠭᠡᠳ ᠨᠠᠷᠢᠨ ᠪᠣᠳᠠᠲᠠᠶ ᠲᠠᠶᠢᠯᠪᠤᠷᠢᠯᠠᠯᠲᠠ ᠬᠢᠵᠣ᠂ ᠭᠡᠷ ᠤᠨ ᠠᠬᠠᠮᠠᠳ ᠲᠤ ᠬᠦᠨᠴᠠ ᠲᠠᠢ ᠪᠦᠬᠡᠳ ᠣᠶᠢᠯᠠᠭᠠᠮᠵᠢᠲᠠᠢ ᠰᠤᠷᠭᠠᠨ ᠬᠥᠮᠦᠵᠢᠯ ᠦᠢᠯᠡᠳᠦᠯᠭᠡ ᠶᠢᠨ ᠬᠢᠴᠢᠶᠡᠯ ᠣᠷᠣᠭᠰᠠᠨ ᠪᠠᠶᠢᠨ᠎ᠠ᠃ ︽ᠬᠤᠪᠢᠳᠣ ᠪᠠᠭᠰᠢ ᠶᠢᠨ ᠬᠤᠪᠢ ᠳᠤ ᠪᠢ ᠸᠢᠴᠠᠲ ᠬᠢᠴᠢᠶᠠᠯ ᠢ ᠨᠢ ᠰᠣᠨᠣᠰᠴᠣ ᠪᠠᠶᠢᠬᠰᠠᠨ︔ ᠦᠨᠣᠳᠣᠷ ᠬᠠᠯᠠᠭᠤᠨ ᠨᠢᠭᠤᠷ ᠢᠶᠠᠷ ᠢᠶᠠᠨ ᠠᠭᠤᠯᠵᠠᠭᠠᠳ ᠰᠠᠶᠢᠬᠠᠨ ᠬᠢᠴᠢᠶᠠᠯ ᠢ ᠨᠢ ᠰᠣᠨᠣᠰᠣᠯ᠎ᠠ︔ ᠪᠢ ᠦᠪᠡᠷ  ᠢᠶᠠᠨ ᠬᠤᠶᠡᠷ ᠬᠡᠣᠬᠡᠨ ᠲᠠᠢ᠂ ᠬᠢᠴᠢᠶᠠᠯ ᠢ ᠰᠣᠨᠣᠰᠴᠣ ᠪᠠᠶᠢᠭ᠎ᠠ ᠶᠠᠪᠣᠴᠠ ᠳᠤ ᠦᠪᠡᠷ ᠤᠨ ᠠᠯᠳᠠᠭ᠎ᠠ ᠣᠨᠤᠭ᠎ᠠ ᠪᠠᠨ ᠣᠯᠵᠣ ᠲᠠᠨᠢᠭᠰᠠᠨ︔ ᠬᠤᠶᠢᠰᠢᠳᠠ ᠬᠡᠣᠬᠡᠳ ᠤᠨ ᠬᠦᠮᠣᠵᠢᠯ ᠳᠤ ᠬᠡᠷᠬᠢᠨ ᠬᠠᠨᠳᠣᠬᠤ ᠳᠤᠬᠠᠢ ᠦᠪᠡᠷ ᠤᠨ ᠲᠠᠨᠢᠯᠲᠠ  ᠲᠠᠢ ᠪᠤᠯᠤᠭᠰᠠᠨ︾ ᠭᠡᠵᠤ ᠰᠤᠷᠤᠭᠴᠢ ᠶᠢᠨ ᠬᠡᠷ ᠤᠨ ᠠᠬᠠᠮᠠᠳ   ᠨᠠᠪᠴᠢ ᠶᠠᠷᠢᠯ᠎ᠠ᠃     ᠲᠣᠰ ᠤᠳᠠᠭᠠᠨ ᠤ ᠲᠣᠰᠬᠠᠢ ᠰᠡᠳᠣᠪᠳᠣ ᠲᠠᠶᠢᠯᠤᠮᠵᠢ ᠨᠢ ᠬᠡᠷ ᠤᠨ ᠠᠬᠠᠮᠠᠳ ᠤᠨ ᠬᠡᠷ ᠪᠦᠯᠢ ᠶᠢᠨ ᠬᠥᠮᠦᠵᠢᠯ ᠤᠨ ᠲᠤᠬᠠᠶ ᠲᠠᠨᠢᠯᠲᠠ ᠶᠢ ᠨᠢ ᠳᠡᠭᠡᠭᠰᠢᠯᠡᠭᠦᠯᠵᠦ᠂ ᠪᠠᠰᠠ ᠬᠡᠷ ᠪᠦᠯᠢ ᠪᠠ ᠰᠤᠷᠭᠠᠭᠤᠯᠢ ᠶᠢᠨ ᠬᠠᠮᠲᠤ ᠪᠠᠷ ᠬᠥᠮᠦᠵᠢᠭᠦᠯᠬᠦ ᠠᠵᠢᠯ ᠳᠤ ᠰᠢᠨ᠎ᠡ ᠰᠡᠳᠬᠢᠴᠡ ᠪᠠ ᠴᠢᠭᠯᠡᠯ ᠢ ᠬᠠᠩᠭᠠᠬᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号