ᠬᠥᠪᠡᠭᠡᠲᠦ ᠰᠢᠷ᠎ᠠ ᠬᠤᠰᠢᠭᠤ ᠲᠡᠯᠡᠬᠡᠢ ᠶᠢᠨ ᠨᠣᠮ ᠣᠩᠰᠢᠬᠤ ᠡᠳᠣᠷ ᠤᠨ ᠠᠵᠢᠯᠯᠠᠭ᠎ᠠ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/4/25
     4 ᠰᠠᠷ᠎ᠠ ᠶᠢᠨ 20 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠰᠢᠭᠤᠨ ᠤ ᠡᠪᠯᠡᠯ ᠤᠨ ᠬᠤᠷᠢᠶ᠎ᠠ ᠬᠠᠮᠲᠤᠷᠠᠨ 30 ᠳ᠋ᠤᠭᠠᠷ ᠤᠳᠠᠭᠠᠨ ᠤ ᠳᠡᠯᠡᠬᠡᠶ ᠶᠢᠨ ᠨᠣᠮ ᠤᠩᠰᠢᠬᠤ ᠡᠳᠦᠷ ᠢ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠡᠯ᠎ᠡ ᠰᠤᠮᠤ ᠪᠠᠯᠭᠠᠰᠤ᠂ ᠪᠠᠶᠢᠭᠤᠯᠭ᠎ᠠ ᠨᠢᠭᠡᠴᠡ᠂ ᠨᠡᠶᠢᠭᠡᠮ ᠤᠨ ᠬᠠᠮᠲᠦ ᠤᠯᠠᠨ ᠵᠢᠴᠢ ᠨᠣᠮ ᠪᠢᠴᠢᠭ ᠤᠩᠰᠢᠬᠤ ᠳᠤᠷ᠎ᠠ ᠪᠠᠭ᠋ᠠᠲᠠᠶ ᠬᠥᠮᠦᠰ ᠠᠵᠢᠯᠯᠠᠭ᠎ᠠ ᠳᠤ ᠣᠷᠣᠯᠴᠠᠪᠠ᠃     ᠠᠵᠢᠯᠯᠠᠭ᠎ᠠ ᠳᠡᠭᠡᠷ᠎ᠡ᠂ ᠰᠤᠷᠤᠭᠴᠢᠳ ︽ᠵᠠᠩᠭᠠᠷ ᠤᠨ ᠮᠠᠭᠲᠠᠭᠠᠯ︾ ᠪᠠ ︽ᠠᠰᠣᠷᠣ︾ ᠬᠦᠭᠵᠢᠮ᠂ ᠤᠷᠡᠨ ᠪᠡᠶᠡᠯᠡᠭᠡ ᠪᠦᠵᠢᠭ ᠢᠶᠠᠷ ᠢᠶᠠᠨ ᠬᠤᠷᠠᠭᠰᠠᠨ ᠤᠯᠠᠨ ᠢᠶᠠᠨ ᠪᠠᠶᠠᠰᠬᠠᠨ ᠬᠦᠭ ᠨᠡᠮᠡᠭᠰᠡᠨ ᠪᠠᠶᠢᠨ᠎ᠠ᠃ ︽ᠲᠤᠰ ᠠᠵᠢᠯᠯᠠᠭ᠎ᠠ ᠨᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠣᠶᠤᠨ ᠤ ᠠᠮᠢᠳᠤᠷᠠᠯ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ ᠵᠤᠷᠢᠯᠭ᠎ᠠ ᠪᠠᠨ ᠪᠤᠯᠭᠠᠭᠰᠠᠨ ᠶᠤᠮ︔ ᠨᠣᠮ ᠬᠤᠪᠢᠶᠠᠯᠴᠠᠬᠤ᠂ ᠨᠣᠮ ᠪᠢᠴᠢᠭ ᠬᠠᠨᠳᠢᠪᠯᠠᠬᠤ᠂ ᠨᠣᠮ ᠪᠢᠴᠢᠭ ᠰᠣᠯᠢᠯᠴᠠᠬᠤ ᠬᠡᠯᠪᠡᠷᠢ ᠪᠠᠷ ᠳᠠᠮᠵᠢᠭᠤᠯᠤᠨ᠂ ᠨᠣᠮ ᠪᠢᠴᠢᠭ ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠰᠠᠨ ᠪᠠᠶᠢᠨ᠎ᠠ︾ ᠭᠡᠵᠤ ᠬᠥᠪᠡᠭᠡᠲᠦ ᠰᠢᠷ᠎ᠠ ᠬᠤᠰᠢᠭᠤᠨ ᠤ ᠡᠪᠯᠡᠯ ᠤᠨ ᠬᠤᠷᠢᠶᠠᠨ ᠤ ᠳᠡᠳ᠋ ᠱᠦᠵᠢ ᠬᠠᠪᠤᠷᠴᠡᠴᠡᠭ ᠶᠠᠷᠢᠯ᠎ᠠ᠃     ᠤᠯᠠᠨ ᠢᠶᠠᠷ ᠢᠶᠠᠨ ᠤᠩᠰᠢᠭᠰᠠᠨ ᠨᠤᠮ ᠢᠶᠠᠨ ᠢᠳᠡᠪᠬᠢᠲᠠᠢ ᠬᠤᠪᠢᠶᠠᠯᠴᠠᠵᠤ᠂ ᠨᠣᠮ ᠪᠢᠴᠢᠭ ᠤᠨ ᠲᠣᠪᠴᠢ ᠲᠠᠨᠢᠯᠴᠠᠭᠤᠯᠭ᠎ᠠ᠂ ᠨᠣᠮ ᠤᠨ ᠠᠭᠤᠯᠭ᠎ᠠ᠂  ᠣᠯᠣᠯᠳᠠ ᠲᠦᠷᠣᠭ᠍ᠳᠠᠯ ᠢᠶᠠᠨ ᠶᠠᠷᠢᠯᠴᠠᠨ᠂ ᠨᠤᠮ ᠤᠨ ᠳᠤᠬᠠᠢ ᠤᠶᠢᠯᠠᠭᠠᠯᠲᠠ ᠪᠠᠨ ᠰᠣᠯᠢᠯᠴᠠᠬᠰᠠᠨ ᠪᠠᠶᠢᠨ᠎ᠠ᠃     ᠠᠵᠢᠯᠯᠠᠭ᠎ᠠ ᠳᠤ ᠤᠷᠤᠯᠴᠠᠭᠰᠠᠨ ᠬᠦᠮᠦᠰ ᠠᠪᠴᠢᠷᠠᠭᠰᠠᠨ ᠨᠤᠮ ᠢᠶᠠᠨ ᠳᠠᠩᠰᠠᠯᠠᠭᠤᠯᠤᠨ᠂ ᠨᠤᠮ ᠬᠠᠨᠳᠢᠪᠯᠠᠬᠤ ᠲᠤᠭᠤᠷᠢᠭ ᠲᠤ ᠬᠠᠳᠠᠭᠠᠯᠠᠭᠤᠯᠵᠤ᠂ ᠨᠤᠮ ᠰᠤᠯᠢᠵᠤ ᠤᠩᠰᠢᠬᠤ ᠬᠦᠰᠡᠯ ᠲᠠᠢ ᠬᠦᠮᠦᠰ ᠨᠤᠮ ᠰᠤᠯᠢᠯᠴᠠᠬᠤ ᠲᠤᠭᠤᠷᠢᠭ ᠠᠴᠠ ᠦᠪᠡᠷ ᠤᠨ ᠳᠤᠷ᠎ᠠ ᠲᠠᠢ ᠨᠤᠮ ᠪᠢᠴᠢᠭ ᠢᠶᠠᠨ ᠰᠤᠯᠢᠨ ᠠᠪᠴᠤ ᠤᠩᠰᠢᠵᠤ ᠪᠠᠶᠢᠯ᠎ᠠ᠃ ︽ᠡᠶᠢᠮᠦ ᠨᠢᠬᠡ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠣ ᠬᠢᠨ᠎ᠠ ᠬᠡᠳᠡᠭ ᠠᠮᠣᠷ ᠦᠬᠡᠢ︔ ᠠᠬᠤᠢ ᠲᠠᠯᠠᠪᠠᠢ ᠳᠤ ᠨᠣᠮ ᠪᠢᠴᠢᠭ ᠲᠤ ᠬᠠᠶᠢᠷᠠᠲᠠᠢ ᠲᠣᠷᠠᠲᠠᠢ ᠮᠠᠰᠢ ᠣᠯᠠᠨ ᠬᠦᠮᠣᠨ ᠢᠷᠡᠭᠰᠠᠨ︔ ᠬᠠᠨᠳᠢᠪᠯᠡᠵᠣ ᠪᠠᠶᠢᠭ᠎ᠠ ᠨᠣᠮ ᠤᠳ ᠴᠤ ᠶᠡᠭᠡ ᠦᠨ᠎ᠠ ᠴᠠᠨ᠎ᠠ ᠲᠠᠢ ᠨᠤᠮ ᠪᠠᠶᠢᠭ᠎ᠠ ᠨᠢ ᠬᠠᠷᠠᠬᠳᠠᠯ᠎ᠠ︔ ᠪᠢ ᠵᠠᠯᠠᠭᠤᠴᠣᠳ ᠪᠠᠭᠠᠴᠣᠳ ᠲᠤ ᠪᠠᠨ ᠦᠪᠡᠷ ᠤᠨ ᠪᠢᠴᠢᠭᠰᠡᠨ ᠬᠤᠶᠡᠷ ᠷᠣᠮᠠᠨ ᠨᠢᠬᠡ ᠦᠬᠦᠯᠡᠯᠬᠡ ᠶᠢᠨ ᠲᠡᠬᠦᠪᠣᠷᠢ ᠪᠠᠨ ᠬᠠᠨᠳᠢᠪᠯᠡᠬᠰᠠᠨ︾ ᠭᠡᠵᠤ ᠬᠦᠪᠡᠬᠡᠳᠣ ᠰᠢᠷ᠎ᠡ ᠬᠤᠰᠢᠭᠤ ᠪᠠᠷ ᠨᠤᠲᠤᠭ ᠲᠠᠢ ᠵᠤᠬᠢᠶᠠᠯᠴᠢ ᠱᠠ᠊᠂ ᠪᠦᠬᠡ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号