4 ᠰᠠᠷ᠎ᠠ ᠶᠢᠨ 10 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠡᠮᠡᠭᠲᠡᠶᠢᠴᠦᠳ ᠬᠡᠦᠬᠡᠳ ᠢ ᠬᠠᠯᠠᠮᠵᠢᠯᠠᠨ | ᠬᠠᠶᠢᠷᠠᠯᠠᠬᠤ ᠨᠡᠶᠢᠭᠡᠮᠯᠢᠭ ᠨᠢ ᠬᠤᠰᠢᠭᠤ ᠡᠮᠡᠭᠲᠡᠶᠢᠴᠦᠳ ᠤᠨ ᠬᠤᠯᠪᠣᠭ᠎ᠠ ᠲᠠᠢ ᠬᠠᠮᠲᠤᠷᠠᠨ ᠬᠥᠪᠡᠭᠡᠲᠦ ᠰᠢᠷ᠎ᠠ ᠬᠤᠰᠢᠭᠤᠨ ᠤ | ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠨᠳᠦ ᠡᠪᠡᠳᠴᠢᠨ ᠳᠤ ᠨᠡᠷᠪᠡᠭᠳᠡᠭᠰᠡᠨ ᠰᠤᠷᠤᠭᠴᠢ ᠰᠢᠶᠤᠤ ᠾᠦᠸᠧ ᠳᠤ | ᠲᠣᠰᠠᠯᠠᠮᠮᠵᠢ ᠬᠦᠷᠲᠡᠭᠡᠵᠡᠢ᠃ | ᠠᠵᠢᠯᠲᠠᠳ ᠠᠴᠠ ᠰᠢᠶᠤᠤ ᠾᠦᠸᠧ ᠶᠢᠨ ᠭᠡᠷ ᠤᠨ ᠠᠬᠠᠮᠠᠳ ᠲᠠᠢ ᠶᠠᠷᠢᠯᠴᠠᠬᠤ ᠶᠢᠨ ᠬᠠᠮᠲᠤ 5000 | ᠲᠥᠭᠦᠷᠢᠭ ᠤᠨ ᠲᠣᠰᠠᠯᠠᠮᠮᠵᠢ ᠶᠢᠨ ᠮᠥᠩᠭᠦ ᠶᠢ ᠠᠩᠬᠢ ᠶᠢᠨ ᠡᠷᠬᠢᠯᠡᠭᠴᠢ ᠪᠠᠭᠰᠢ ᠳᠤ ᠨᠢ ᠲᠣᠰᠢᠶᠠᠵᠤ᠂ ᠰᠤᠷᠤᠭᠴᠢ ᠰᠢᠶᠤᠤ | ᠾᠦᠸᠧ ᠶᠢᠨ ᠡᠷᠲᠡᠬᠡᠨ ᠡᠷᠡᠭᠦᠯᠵᠢᠬᠦ ᠶᠢ ᠬᠦᠰᠡᠵᠡᠢ᠃ ︽ᠲᠤᠰ ᠰᠤᠷᠤᠭᠴᠢ ᠨᠢᠭᠡᠳᠦᠭᠡᠷ ᠣᠨ ᠳᠤ ᠤᠷᠤᠭᠰᠠᠨ ᠤ ᠪᠠᠨ | ᠳᠠᠷᠠᠭ᠎ᠠ ᠭᠤᠳᠤᠷᠠᠩᠭᠤᠢ ᠵᠠᠩ ᠲᠠᠢ ᠪᠠᠶᠢᠭᠰᠠᠨ︔ ᠡᠨᠡ ᠬᠤᠭᠤᠴᠠᠭ᠎ᠠ ᠰᠤᠷᠭᠠᠭᠤᠯᠢ ᠡᠬᠢᠯᠡᠭᠰᠡᠨ ᠤ ᠳᠠᠷᠠᠭ᠎ᠠ᠂ ᠲᠤᠰ | ᠰᠤᠷᠤᠭᠴᠢ ᠶᠡᠷᠦ ᠪᠤᠰᠤ ᠶᠢᠨ ᠪᠠᠶᠢᠳᠠᠯ ᠲᠠᠢ ᠪᠣᠯᠤᠭᠰᠠᠨ ᠢ ᠣᠯᠵᠤ ᠮᠡᠳᠡᠭᠡᠳ ᠴᠠᠭ ᠲᠤᠬᠠᠶ ᠳᠤᠨᠢ ᠰᠤᠷᠭᠠᠭᠤᠯᠢ ᠳᠤ ᠪᠠᠨ | ᠲᠤᠰᠬᠠᠪᠠ᠃ ᠡᠮᠡᠭᠲᠡᠶᠢᠴᠦᠳ ᠤᠨ ᠬᠤᠯᠪᠣᠭ᠎ᠠ ᠪᠣᠯᠤᠨ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮᠯᠢᠭ | ᠴᠢᠮᠡᠭᠡ ᠣᠯᠤᠭᠰᠠᠨ ᠤ ᠳᠠᠷᠠᠭ᠎ᠠ ᠢᠳᠡᠪᠬᠢᠲᠡᠶ ᠪᠠᠷ ᠲᠣᠰᠠᠯᠠᠮᠮᠵᠢ ᠶᠢᠨ ᠮᠦᠩᠭᠦ ᠴᠤᠭᠯᠠᠭᠤᠯᠵᠤ᠂ ᠲᠣᠰ ᠰᠤᠷᠤᠭᠴᠢ ᠳᠤ | ᠲᠣᠰᠠᠯᠠᠮᠵᠢ ᠬᠦᠷᠭᠡᠭᠰᠡᠨ ᠪᠠᠶᠢᠨ᠎ᠠ︾ ᠭᠡᠵᠤ ᠰᠢᠶᠤᠤ ᠾᠦᠸᠧ ᠶᠢᠨ ᠠᠩᠭᠢ ᠶᠢᠨ ᠡᠷᠬᠢᠯᠡᠭᠴᠢ ᠸᠠᠩ ᠯᠢ ᠵᠢᠶᠦ᠋ᠨ ᠶᠠᠷᠢᠯ᠎ᠠ᠃ | ᠲᠣᠰ ᠤᠳᠠᠭᠠᠨ ᠤ ᠠᠵᠢᠯᠯᠠᠭ᠎ᠠ ᠨᠢ ᠬᠡᠤᠬᠡᠳ ᠪᠠᠭᠠᠴᠤᠳ ᠤᠨ ᠪᠡᠶ᠎ᠡ ᠰᠡᠳᠬᠢᠯ ᠤᠨ ᠡᠷᠡᠬᠦᠯ ᠮᠡᠨᠳᠦ ᠲᠠᠢ | ᠬᠤᠯᠪᠤᠭᠳᠠᠭᠰᠠᠨ ᠠᠵᠢᠯᠯᠠᠭ᠎ᠠ ᠪᠠᠶᠢᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠢ ᠴᠤ ᠥᠷᠭᠡᠨ ᠢᠶᠠᠷ | ᠲᠠᠲᠠᠭᠰᠠᠨ ᠪᠠᠶᠢᠨ᠎ᠠ᠃ ᠲᠣᠰ ᠰᠣᠷᠣᠭᠴᠢ ᠶᠢᠨ ᠡᠪᠡᠳᠴᠢᠨ ᠤ ᠪᠠᠶᠢᠳᠠᠯ ᠪᠠ ᠡᠮᠴᠢᠯᠡᠭᠡᠨ ᠤ ᠠᠬᠢᠴᠠ ᠶᠢ ᠦᠷᠭᠦᠯᠵᠢᠯᠡᠨ | ᠠᠩᠬᠠᠷᠴᠤ᠂ ᠲᠡᠭᠦᠨ ᠳᠤ ᠦᠷᠬᠦᠯᠵᠢᠯᠡᠨ ᠬᠠᠪᠰᠤᠷᠤᠯᠭ᠎ᠠ ᠦᠵᠡᠭᠦᠯᠦᠨ᠎ᠡ ᠭᠡᠵᠦ ᠮᠠᠰᠢ ᠣᠯᠠᠨ ᠬᠠᠯᠠᠭᠤᠨ ᠰᠡᠳᠬᠢᠯᠲᠦ | ᠬᠥᠮᠦᠰ ᠢᠯᠡᠷᠬᠡᠶᠢᠯᠡᠵᠦ ᠪᠠᠶᠢᠯ᠎ᠠ᠃ ᠲᠣᠰ ᠣᠳᠠᠭᠠᠨ ᠤ ᠠᠵᠢᠯᠯᠠᠭ᠎ᠠ ᠨᠢ ᠬᠥᠪᠡᠭᠡᠲᠦ ᠰᠢᠷ᠎ᠠ ᠬᠤᠰᠢᠭᠤᠨ ᠤ ᠠᠷᠠᠳ | ᠲᠦᠮᠡᠨ ᠤ ᠨᠢᠭᠡ ᠨᠢ ᠬᠦᠴᠢᠷᠳᠡᠪᠡᠯ ᠨᠡᠶᠢᠲᠡ ᠪᠠᠷ ᠢᠶᠠᠨ ᠳᠤᠰᠠᠯᠠᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠵᠡᠢ᠃ ︽ᠲᠤᠰ ᠰᠤᠷᠤᠭᠴᠢ ᠶᠢᠨ ᠬᠡᠷ ᠪᠦᠯᠢ ᠨᠢ ᠬᠦᠴᠢᠷᠳᠡᠯᠲᠡᠶ ᠠᠴᠠ ᠪᠣᠯᠵᠣ ᠶᠡᠭᠡ ᠬᠡᠮᠵᠢᠶᠡᠨ ᠤ ᠡᠮ | ᠡᠮᠨᠡᠯᠭᠡ ᠶᠢᠨ ᠵᠠᠷᠤᠳᠠᠯ ᠢ ᠳᠥᠯᠥᠵᠦ ᠳᠡᠶᠢᠯᠬᠦ ᠥᠬᠡᠶ᠂ ᠴᠠᠭ ᠲᠤᠬᠠᠶ ᠳᠤᠨᠢ ᠡᠮᠨᠡᠭᠦᠯᠬᠦ ᠶᠢᠨ ᠠᠷᠭ᠎ᠠ ᠥᠬᠡᠶ ᠪᠣᠯᠤᠭᠰᠠᠨ ᠢ | ᠰᠣᠨᠣᠰᠤᠭᠠᠳ᠂ ᠪᠢᠳᠡ ᠲᠡᠷᠡ ᠳᠠᠷᠤᠶ ᠳᠤᠨᠢ ᠬᠥᠪᠡᠭᠡᠲᠦ ᠰᠢᠷ᠎ᠠ ᠬᠤᠰᠢᠭᠤᠨ ᠤ ᠡᠮᠡᠭᠲᠡᠶᠢᠴᠦᠳ ᠬᠡᠦᠬᠡᠳ ᠢ ᠬᠠᠯᠠᠮᠵᠢᠯᠠᠨ | ᠬᠠᠶᠢᠷᠠᠯᠠᠬᠤ ᠨᠡᠶᠢᠭᠡᠮᠯᠢᠭ ᠤᠨ ᠪᠥᠬᠦ ᠭᠡᠰᠢᠭᠦᠳ ᠢ ᠳᠠᠶᠢᠴᠢᠯᠠᠵᠤ᠂ ᠣᠬᠤᠷᠬᠠᠨ ᠬᠤᠭᠤᠴᠠᠭᠠᠨ ᠤ ᠳᠣᠲᠣᠷ᠎ᠠ 5000 | ᠲᠥᠭᠦᠷᠢᠭ ᠤᠨ ᠪᠡᠯᠡ ᠮᠥᠩᠭᠦ ᠴᠤᠭᠯᠠᠭᠤᠯᠵᠠᠶ︔ ᠳᠠᠷᠠᠭᠠᠴᠢ ᠪᠠᠷ ᠪᠢᠳᠡ ᠲᠤᠰ ᠵᠢᠭᠠᠯ ᠥᠬᠢᠨ ᠤ ᠡᠪᠡᠳᠴᠢᠨ ᠦᠵᠡᠭᠦᠯᠬᠦ | ᠵᠢᠴᠢ ᠰᠡᠭᠦᠯᠴᠢ ᠶᠢᠨ ᠬᠤᠭᠤᠴᠠᠭᠠᠨ ᠤ ᠪᠡᠶ᠎ᠡ ᠮᠠᠬᠠᠪᠣᠳ ᠤᠨ ᠡᠷᠡᠭᠦᠯᠵᠢᠯ ᠤᠨ ᠪᠠᠶᠢᠳᠠᠯ ᠢ ᠦᠷᠭᠦᠯᠵᠢᠯᠡᠨ ᠠᠩᠬᠠᠷᠬᠤ | ᠪᠣᠯᠤᠨ᠎ᠠ︾ ᠭᠡᠵᠤ ᠬᠥᠪᠡᠭᠡᠲᠦ ᠰᠢᠷ᠎ᠠ ᠬᠤᠰᠢᠭᠤᠨ ᠤ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮᠯᠢᠭ ᠤᠨ | ᠳᠠᠷᠤᠭ᠎ᠠ ᠮᠠ ᠶᠢᠨ ᠬᠤᠩ ᠶᠠᠷᠢᠯ᠎ᠠ᠃ |