ᠮᠤᠳᠣ ᠲᠠᠷᠢᠵᠤ ᠨᠤᠲᠤᠭ ᠢᠶᠠᠨ ᠨᠤᠭᠤᠭᠠᠷᠠᠭᠤᠯᠤᠭ᠎ᠠ ᠮᠠᠯᠴᠢᠨ ᠪᠦᠷᠢᠨᠰᠤᠶᠤᠯ
ᠨᠡᠶᠢᠲᠡᠯᠡᠭᠰᠡᠨ ᠴᠠᠭ᠄
2025/4/25
     ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠬᠦᠨᠳᠡᠯᠡᠨ ᠭᠠᠴᠠᠭᠠᠨ ᠤ ᠮᠠᠯᠴᠢᠨ ᠪᠦᠷᠢᠨᠰᠤᠶᠤᠯ ᠭᠡᠷ ᠤᠨ ᠢᠶᠠᠨ ᠤᠢᠢᠷ᠎ᠠ ᠬᠠᠪᠢ ᠳᠤ ᠮᠣᠳᠣ ᠲᠠᠷᠢᠵᠤ᠂ ᠠᠮᠢ ᠠᠬᠤᠢ ᠤᠷᠴᠢᠨ ᠲᠤᠭᠤᠷᠢᠨ ᠤ ᠨᠤᠭᠤᠭᠠᠷᠠᠭᠤᠯᠤᠯᠲᠠ ᠳᠤ ᠦᠪᠡᠷ ᠤᠨ ᠭᠡᠰᠡᠨ ᠬᠤᠪᠢ ᠨᠡᠮᠡᠷᠢ ᠪᠠᠨ ᠦᠵᠡᠬᠦᠯᠵᠤ ᠪᠠᠶᠢᠨ᠎ᠠ᠃     ᠰᠤᠷᠪᠤᠯᠵᠢᠯᠠᠭᠴᠢ᠂ ᠪᠦᠷᠢᠨᠰᠤᠶᠤᠯ ᠤᠨ ᠳᠤ ᠬᠦᠷᠬᠦ ᠳᠤ ᠲᠡᠷᠡ ᠭᠡᠷᠭᠡᠢ ᠠᠯᠲᠠᠨᠲᠤᠶᠠᠭ᠎ᠠ ᠲᠠᠢ ᠪᠠᠨ ᠬᠤᠶᠠᠭᠤᠯᠠ ᠲᠠᠷᠢᠭᠰᠠᠨ ᠮᠤᠳᠣᠨ ᠤ ᠪᠠᠨ ᠬᠦᠷᠢᠶᠡᠨ ᠳᠤ ᠶᠠᠭᠠᠷᠠᠯᠳᠤᠵᠤ ᠪᠠᠶᠢᠯ᠎ᠠ᠃ ᠪᠦᠷᠢᠨᠰᠤᠶᠤᠯ ᠠᠴᠠ ᠰᠤᠷᠪᠤᠯᠵᠢᠯᠠᠭᠴᠢ ᠳᠤ ᠡᠯ᠎ᠡ ᠲᠥᠷᠦᠯ ᠤᠨ ᠮᠤᠳᠤᠨ ᠤ ᠨᠡᠷᠡᠶᠢᠳᠦᠯ᠂ ᠮᠤᠳᠤ ᠲᠠᠷᠢᠬᠤ ᠠᠴᠢ ᠬᠤᠯᠪᠣᠭᠳᠠᠯ ᠪᠤᠯᠤᠨ ᠦᠪᠡᠷ ᠤᠨ ᠮᠤᠳᠤ ᠲᠠᠷᠢᠭᠰᠠᠨ ᠤᠯᠤᠯᠲᠠ ᠳᠤᠷᠰᠢᠯᠭ᠎ᠠ ᠪᠠᠨ ᠪᠠᠶᠠᠷᠲᠠᠶᠢᠬᠠᠨ ᠶᠠᠷᠢᠵᠤ ᠦᠭᠬᠦᠯ᠎ᠡ᠃     ᠪᠦᠷᠢᠨᠰᠤᠶᠤᠯ ᠮᠠᠯᠵᠢᠬᠤ ᠠᠵᠢᠯ ᠤᠨ ᠢᠶᠠᠨ ᠴᠢᠯᠥᠭᠡ ᠵᠠᠪ ᠢᠶᠠᠷ ᠭᠡᠷ ᠤᠨ ᠢᠶᠠᠨ ᠤᠢᠢᠷ᠎ᠠ ᠬᠠᠪᠢ ᠪᠠᠷ ᠮᠣᠳᠤ ᠲᠠᠷᠢᠵᠤ᠂ ᠨᠡᠬᠦᠳᠡᠯ ᠡᠯᠡᠰᠦ ᠲᠠᠢ ᠲᠡᠮᠡᠴᠡᠵᠤ ᠡᠬᠢᠯᠡᠭᠰᠡᠨ ᠠᠴᠠ ᠤᠳᠤ ᠪᠤᠯᠲᠠᠯ᠎ᠠ ᠨᠢᠭᠡᠨᠲᠡ ᠠᠷᠪᠠᠭᠠᠳ ᠵᠢᠯ ᠪᠤᠯᠵᠠᠢ᠃ ᠡᠬᠢᠯᠡᠵᠥ ᠮᠤᠳᠣ ᠲᠠᠷᠢᠬᠤ ᠦᠶ᠎ᠡ ᠳᠤ ᠲᠤᠷᠰᠢᠯᠭ᠎ᠠ ᠳᠤᠲᠠᠮᠠᠭ᠂ ᠠᠭᠤᠷ ᠠᠮᠢᠰᠬᠤᠯ ᠭᠠᠩ ᠬᠠᠭᠤᠷᠠᠶ ᠠᠴᠠ ᠪᠣᠯᠵᠣ᠂ ᠵᠤᠯᠵᠠᠭ᠎ᠠ ᠮᠣᠳᠣᠨ ᠤ ᠤᠨᠳᠤᠷᠤᠯᠲᠠ ᠶᠢᠨ ᠨᠣᠷᠮ᠎ᠠ ᠥᠨᠳᠥᠷ ᠪᠢᠰᠢ ᠪᠠᠶᠢᠭᠰᠠᠨ ᠪᠣᠯᠪᠠᠴᠤ ᠲᠡᠷᠡ ᠵᠣᠷᠢᠭ ᠮᠣᠬᠤᠭᠰᠠᠨ ᠥᠬᠡᠶ᠃ ᠪᠤᠰᠤᠳ ᠠᠴᠠ ᠠᠰᠠᠭᠤᠬᠤ᠂ ᠮᠠᠲ᠋ᠧᠷᠢᠶᠠᠯ ᠠᠴᠠ ᠰᠤᠷᠤᠯᠴᠠᠬᠤ ᠪᠠᠷ ᠳᠠᠮᠵᠢᠵᠤ ᠮᠤᠳᠣ ᠲᠠᠷᠢᠬᠤ ᠠᠷᠭ᠎ᠠ ᠮᠡᠷᠭᠡᠵᠢᠯ ᠢᠶᠠᠨ ᠳᠡᠭᠡᠭᠰᠢᠯᠡᠭᠦᠯᠵᠡᠢ᠃ ᠣᠳᠤ  ᠡᠳᠡᠨᠡᠶᠢᠬᠢᠨ ᠡᠯ᠎ᠡ ᠵᠦᠢᠯ ᠤᠨ ᠵᠢᠮᠢᠰ ᠤᠨ ᠮᠣᠳᠣ ᠪᠠ ᠤᠯᠢᠶᠠᠰᠤ᠂ ᠨᠠᠷᠠᠰᠤ᠂ ᠬᠠᠶᠢᠯᠠᠰᠤ᠂ ᠠᠷᠠᠴᠠ ᠵᠡᠷᠭᠡ ᠤᠯᠠᠨ ᠵᠦᠢᠯ ᠤᠨ  ᠮᠤᠳᠤ ᠲᠠᠢ ᠪᠤᠯᠤᠭᠰᠠᠨ ᠪᠠᠶᠢᠨ᠎ᠠ᠃ ︽ᠮᠤᠳᠣ ᠲᠠᠷᠢᠬᠤ ᠨᠢ ᠠᠮᠢ ᠠᠬᠤᠶ ᠣᠷᠴᠢᠨ ᠲᠣᠭᠤᠷᠢᠨ ᠢ ᠭᠤᠸᠠᠵᠢᠭᠤᠯᠳᠠᠭ︔ ᠪᠢ ᠵᠢᠯ ᠪᠣᠯᠭᠠᠨ ᠮᠣᠳᠣ ᠨᠡᠮᠡᠵᠥ ᠳᠠᠷᠢᠳᠠᠭ︔ ᠣᠶᠢᠷ᠎ᠠ ᠶᠢᠨ ᠬᠡᠳᠦᠨ ᠵᠢᠯ ᠠᠴᠠ ᠡᠬᠢᠯᠡᠨ ᠵᠢᠮᠢᠰ ᠤᠨ ᠮᠣᠳᠣ ᠳᠠᠷᠢᠵᠤ᠂ ᠨᠡᠯᠢᠶᠡᠳ ᠰᠠᠶᠢᠨ ᠦᠷ᠎ᠡ ᠠᠰᠢᠭ ᠲᠠᠢ ᠪᠤᠯᠤᠭᠰᠠᠨ︔ ᠦᠪᠡᠷᠳᠡᠭᠡᠨ ᠪᠠᠶᠢᠭᠠᠯᠢᠯᠢᠭ ᠵᠢᠮᠢᠰ ᠢᠳᠡᠵᠥ ᠴᠢᠳᠠᠬᠤ ᠪᠠᠷ ᠪᠠᠷᠠᠬᠤ ᠦᠭᠡᠢ᠂ ᠮᠤᠳᠣ ᠨᠢ ᠪᠠᠰᠠ ᠬᠠᠯᠬᠠᠪᠴᠢ ᠪᠤᠯᠬᠤ ᠦᠢᠯᠡᠳᠦᠯ ᠲᠠᠢ ᠪᠠᠶᠢᠵᠤ᠂ ᠰᠠᠯᠬᠢ ᠰᠢᠭᠤᠷᠭᠠᠨ ᠠᠴᠠ ᠰᠡᠷᠭᠡᠶᠢᠯᠡᠵᠥ ᠴᠢᠳᠠᠨ᠎ᠠ︾ ᠭᠡᠵᠤ ᠮᠠᠯᠴᠢᠨ ᠪᠦᠷᠢᠨᠰᠤᠶᠤᠯ ᠶᠠᠷᠢᠯ᠎ᠠ᠃     ᠪᠦᠷᠢᠨᠰᠤᠶᠤᠯ ᠮᠤᠳᠣ ᠲᠠᠷᠢᠵᠤ ᠨᠤᠲᠤᠭ ᠤᠰᠤᠨ ᠤ ᠪᠠᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ᠂ ᠡᠷᠬᠢᠨ ᠲᠣᠭᠤᠷᠢᠨ ᠤ ᠮᠠᠯᠴᠢᠳ ᠢ ᠴᠤ ᠨᠥᠯᠥᠭᠡᠯᠡᠨ ᠳᠠᠶᠢᠴᠢᠯᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠢ ᠤᠯᠠᠮ ᠣᠯᠠᠨ ᠬᠥᠮᠦᠰ ᠲᠤ ᠲᠠᠨᠢᠭᠤᠯᠵᠤ᠂ ᠮᠣᠳᠣ ᠳᠠᠷᠢᠵᠤ ᠣᠶᠢᠵᠢᠭᠤᠯᠬᠤ ᠡᠩᠨᠡᠭᠡ ᠴᠤ ᠡᠳᠦᠷ ᠠᠴᠠ ᠡᠳᠦᠷ ᠪᠤᠵᠠᠭᠠᠶᠢᠷᠠᠭᠰᠠᠨ ᠪᠠᠶᠢᠨ᠎ᠠ᠃ ︽ᠮᠣᠳᠣ ᠳᠠᠷᠢᠬᠤ ᠳᠤ ᠬᠠᠶᠢᠴᠢᠯᠠᠬᠤ᠂ ᠤᠰᠤᠯᠠᠬᠤ ᠵᠡᠷᠭᠡ ᠤᠯᠠᠨ ᠲᠠᠯ᠎ᠠ ᠶᠢᠨ ᠠᠷᠠᠴᠢᠯᠠᠭ᠎ᠠ ᠬᠡᠷᠡᠭᠲᠡᠢ︔ ᠬᠥᠮᠦᠰ ᠮᠠᠨ ᠤ ᠮᠣᠳᠣ ᠶᠢ ᠦᠵᠡᠭᠡᠳ ᠥᠪᠡᠷ ᠤᠨ ᠬᠦᠷᠢᠶᠡᠨ ᠳᠡᠭᠡᠨ ᠴᠦ ᠮᠣᠳᠣ ᠳᠠᠷᠢᠳᠠᠭ ᠪᠤᠯᠤᠭᠰᠠᠨ︔ ᠪᠢ ᠴᠦ ᠭᠡᠷ ᠲᠤ ᠨᠢ ᠣᠴᠢᠵᠤ ᠵᠢᠯᠤᠭᠤᠳᠴᠤ ᠬᠠᠮᠵᠢᠯᠴᠠᠨ ᠮᠣᠳᠣ ᠳᠠᠷᠢᠳᠠᠭ︾ ᠭᠡᠵᠤ ᠮᠠᠯᠴᠢᠨ ᠪᠦᠷᠢᠨᠰᠤᠶᠤᠯ ᠶᠠᠷᠢᠯ᠎ᠠ᠃     ᠪᠦᠷᠢᠨᠰᠤᠶᠤᠯ ᠪᠣᠯ ᠡᠯᠡᠰᠦ ᠮᠠᠩᠬ᠎ᠠ ᠲᠠᠢ ᠬᠠᠯᠠᠰᠢᠷᠠᠯ ᠦᠭᠡᠢ ᠲᠡᠮᠡᠴᠡᠵᠤ᠂ ᠨᠤᠲᠤᠭ ᠤᠰᠤ ᠪᠠᠨ ᠨᠤᠭᠤᠭᠠᠷᠠᠭᠤᠯᠬᠤ ᠦᠢᠯᠡᠰ ᠲᠤ ᠪᠤᠴᠠᠰᠢ ᠦᠭᠡᠢ ᠵᠢᠳᠬᠦᠵᠤ ᠶᠠᠪᠤᠭ᠎ᠠ ᠦᠢ ᠤᠯᠠᠨ ᠪᠠᠭᠠᠲᠤᠷᠯᠢᠭ ᠠᠵᠢᠯᠴᠢ ᠬᠦᠮᠦᠰ ᠤᠨ ᠲᠦᠯᠦᠭᠡᠯᠡᠭᠴᠢ ᠳᠦᠷᠢ ᠪᠤᠯᠬᠤ ᠶᠤᠮ᠃ ᠣᠷᠴᠢᠨ ᠲᠣᠭᠤᠷᠢᠨ ᠤ ᠬᠠᠮᠠᠭᠠᠯᠠᠯᠲᠠ ᠶᠢ ᠡᠳᠦᠷ ᠢᠷᠡᠬᠦᠶ᠎ᠡ ᠴᠢᠬᠤᠯᠠᠴᠢᠯᠠᠵᠤ ᠪᠠᠶᠢᠭ᠎ᠠ ᠥᠨᠥᠳᠦᠷ ᠪᠦᠷᠢᠨᠰᠤᠶᠤᠯ ᠤᠨ ᠦᠢᠯᠡ ᠠᠵᠢᠯᠯᠠᠭ᠎ᠠ ᠨᠢ ᠨᠤᠲᠤᠭ ᠤᠨ ᠬᠦᠮᠦᠰ ᠲᠤ ᠪᠠᠨ ᠳᠠᠭᠤᠷᠢᠶᠠᠯ ᠪᠤᠯᠵᠤ᠂ ᠮᠤᠳᠤ ᠲᠠᠷᠢᠬᠤ ᠦᠵᠡᠯ ᠤᠬᠠᠮᠰᠠᠷ ᠢ ᠨᠢ ᠳᠡᠭᠡᠭᠰᠢᠯᠡᠬᠦᠯᠦᠭᠰᠡᠨ ᠢᠶᠠᠷ ᠪᠠᠷᠠᠬᠤ ᠦᠭᠡᠢ᠂ ᠬᠠᠯᠠᠰᠢᠷᠠᠯ ᠦᠭᠡᠢ ᠵᠢᠳᠬᠦᠵᠤ ᠦᠨᠡᠨᠴᠢ ᠪᠠᠷ ᠬᠠᠨᠳᠤᠪᠠᠯ ᠡᠯᠡᠰᠦ ᠮᠠᠩᠬ᠎ᠠ ᠶᠢ ᠨᠤᠭᠳᠤᠯᠠᠵᠤ᠂ ᠨᠤᠲᠤᠭ ᠤᠰᠤ ᠪᠠᠨ ᠨᠤᠭᠤᠭᠠᠷᠠᠭᠤᠯᠬᠤ ᠠᠵᠢᠯ ᠤᠨ ᠠᠮᠵᠢᠯᠲᠠ ᠶᠢ ᠯᠠᠪᠲᠠᠢ ᠤᠯᠵᠤ ᠴᠢᠳᠠᠨ᠎ᠠ ᠭᠡᠰᠡᠨ ᠢᠲᠡᠭᠡᠯ ᠵᠤᠷᠢᠭ ᠢ ᠤᠯᠠᠮ ᠪᠠᠳᠤᠳᠬᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号