ᠮᠠᠯ ᠤᠨ ᠳᠠᠭᠤᠨ ᠢ ᠴᠢᠩᠨᠠᠵᠤ᠂ ᠬᠦᠳᠡᠭᠡ ᠦᠰᠦᠭᠰᠡᠨ ᠬᠡᠤᠬᠡᠳ ᠪᠦᠬᠦᠨ ᠠᠳᠠᠯᠢᠬᠠᠨ ᠠᠳᠤᠭᠤ ᠮᠠᠯ ᠢᠶᠠᠨ | ᠬᠠᠶᠢᠷᠠᠯᠠᠵᠤ ᠦᠬᠦᠭᠡᠷᠳᠡᠳᠡᠭ ᠠᠷᠠᠨᠰᠢᠨ ᠲᠠᠢ᠃ ᠬᠥᠪᠡᠭᠡᠲᠦ ᠰᠢᠷ᠎ᠠ ᠬᠤᠰᠢᠭᠤᠨ ᠤ ︽ᠲᠠᠯ᠎ᠠ ᠶᠢᠨ ᠬᠤᠷ᠎ᠠ︾ ᠮᠠᠯ ᠤᠨ | ᠡᠮ ᠤᠨ ᠳᠡᠯᠭᠡᠭᠦᠷ ᠤᠨ ᠡᠵᠡᠩᠨᠡᠭᠴᠢ ᠤᠷᠭᠤᠭ᠎ᠠ ᠪᠤᠯ ᠭᠡᠮ ᠳᠤᠰᠴᠤ ᠠᠯᠳᠠᠭᠰᠠᠨ ᠬᠤᠷᠠᠭᠠᠨ ᠤ ᠪᠠᠨ ᠬᠤᠶᠢᠨ᠎ᠠ ᠠᠴᠠ | ᠨᠢᠯᠪᠤᠰᠦ ᠪᠦᠮᠪᠦᠷᠢᠬᠦᠯᠳᠡᠭ ᠪᠠᠶᠢᠭᠰᠠᠨ ᠮᠠᠯᠴᠢᠨ ᠬᠡᠤᠬᠡᠨ᠂ ᠤᠳᠤ ᠪᠤᠯ ᠮᠠᠯᠴᠢᠨ ᠲᠦᠮᠡᠨ ᠤ ᠪᠠᠨ ᠰᠠᠶᠢᠨ ︽ᠮᠠᠯ ᠤᠨ ᠡᠮᠴᠢ | ︾ ᠪᠦᠰᠡᠬᠦᠢ ᠶᠤᠮ᠃ | ᠤᠷᠭᠤᠭ᠎ᠠ 2011 ᠤᠨ ᠳᠤ ᠰᠢᠯᠢ ᠶᠢᠨ ᠭᠤᠤᠯ ᠠᠶᠢᠮᠠᠭ ᠤᠨ ᠠᠵᠢᠯ ᠮᠡᠷᠬᠡᠵᠢᠯ ᠤᠨ ᠲᠡᠬᠡᠲᠦ ᠰᠤᠷᠭᠠᠭᠤᠯᠢ ᠠᠴᠠ | ᠮᠠᠯ ᠤᠨ ᠡᠮᠴᠢ ᠶᠢᠨ ᠮᠡᠷᠭᠡᠵᠢᠯ ᠢᠶᠠᠷ ᠲᠡᠬᠦᠰᠴᠦ᠂ ᠬᠦᠪᠡᠬᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ︽ᠶᠡᠭᠡ | ᠰᠠᠶᠢᠠ︾ ᠮᠠᠯ ᠤᠨ ᠡᠮ ᠤᠨ ᠲᠡᠯᠬᠡᠭᠦᠷ ᠲᠤ ᠠᠵᠢᠯᠯᠠᠵᠤ᠂ ᠤᠷᠢᠤᠡ ᠬᠤᠵᠢᠥᠡ ᠪᠤᠷᠤᠯᠠᠭᠤᠯᠭ᠎ᠠ ᠶᠢᠨ ᠲᠠᠭᠠᠭᠠᠮᠠᠯ ᠪᠤᠯᠤᠨ | ᠪᠤᠯᠪᠠᠰᠥᠷᠠᠯ ᠤᠨ ᠡᠷᠭᠢᠯᠡᠭᠴᠢ ᠶᠢᠨ ᠠᠵᠢᠯ ᠳᠤ ᠬᠢᠯᠠᠷᠠᠭᠤᠯᠵᠤ ᠪᠠᠶᠢᠵᠠᠢ᠃ ᠡᠳᠡᠭᠡᠷ ᠠᠷᠪᠠᠭᠠᠳ ᠵᠢᠯ ᠤᠨ ᠲᠤᠷᠰᠢ ᠤᠷᠭᠤᠭ᠎ᠠ | ᠠᠵᠢᠯᠯᠠᠬᠤ ᠶᠢᠨ ᠳᠠᠭᠠᠤ ᠰᠤᠷᠤᠯᠴᠠᠵᠤ᠂ ᠡᠯ᠎ᠡ ᠵᠦᠢᠯ ᠤᠨ ᠮᠠᠯ ᠤᠨ ᠡᠪᠡᠳᠴᠢᠨ ᠡᠮᠭᠡᠭ ᠢ ᠰᠡᠷᠭᠡᠶᠢᠯᠡᠬᠦ᠂ ᠡᠮ ᠤᠨ ᠵᠦᠢᠯ ᠢ | ᠬᠡᠷᠡᠭᠯᠡᠬᠦ᠂ ᠮᠡᠰᠡ ᠵᠠᠰᠠᠯ ᠬᠢᠬᠦ ᠤᠯᠠᠨ ᠲᠠᠯ᠎ᠠ ᠶᠢᠨ ᠮᠡᠷᠭᠡᠵᠢᠯ ᠢ ᠡᠵᠡᠮᠰᠢᠵᠦ᠂ ᠦᠨᠡᠨᠴᠢ ᠬᠠᠯᠠᠭᠤᠮᠰᠤᠭ ᠦᠢᠯᠡᠴᠢᠯᠡᠭᠡ ᠪᠠᠷ | ᠢᠶᠠᠨ ᠮᠠᠯᠴᠢᠳ ᠤᠨ ᠢᠲᠡᠭᠡᠯ ᠢ ᠤᠯᠤᠭᠰᠠᠨ ᠪᠠᠶᠢᠨ᠎ᠠ᠃ | ᠡᠨᠡ ᠵᠢᠯ ᠤᠨ 4 ᠰᠠᠷ᠎ᠠ ᠳᠤ ᠤᠷᠭᠤᠭ᠎ᠠ ᠰᠢᠨᠡᠪᠤᠯᠠᠭ ᠪᠠᠯᠭᠠᠰᠤᠨ ᠳᠤ ︽ᠲᠠᠯ᠎ᠠ ᠶᠢᠨ ᠬᠤᠷ᠎ᠠ︾ ᠮᠠᠯ ᠤᠨ ᠡᠮ ᠤᠨ | ᠳᠡᠯᠭᠡᠭᠦᠷ ᠢᠶᠠᠨ ᠨᠡᠭᠡᠭᠡᠵᠠᠢ᠃ ᠰᠤᠷᠪᠤᠯᠵᠢᠯᠠᠭᠴᠢ ᠤᠷᠭᠤᠭ᠎ᠠ ᠶᠢ ᠰᠤᠷᠪᠤᠯᠵᠢᠯᠠᠬᠤ ᠪᠠᠷ ᠬᠦᠷᠬᠦ ᠳᠤ ᠲᠡᠷᠡ ᠶᠠᠭ ᠰᠠᠶᠢᠬᠠᠨ | ᠡᠷᠢᠵᠤ ᠢᠷᠡᠭᠰᠡᠨ ᠮᠠᠯᠴᠢᠳ ᠠᠴᠠ ᠮᠠᠯ ᠤᠨ ᠡᠪᠡᠳᠴᠢᠨ ᠤ ᠪᠠᠶᠢᠳᠠᠯ ᠢ ᠨᠢ ᠤᠶᠢᠯᠠᠭᠠᠵᠤ᠂ ᠵᠤᠭᠤᠰ ᠮᠦᠩᠬᠦ ᠳᠤ ᠨᠢ | ᠠᠷᠪᠢᠲᠠᠢ ᠮᠦᠷᠲᠡᠭᠡᠨ ᠦᠷ᠎ᠡ ᠠᠰᠢᠭ ᠢᠶᠠᠷ ᠰᠠᠶᠢᠨ ᠡᠮᠨᠡᠬᠦ ᠰᠠᠨᠠᠭᠤᠯᠭ᠎ᠠ ᠦᠭᠴᠦ ᠪᠠᠶᠢᠯ᠎ᠠ᠃ ︽ᠳᠡᠯᠭᠡᠬᠦᠷ ᠢᠶᠠᠨ ᠨᠡᠭᠡᠭᠡᠭᠰᠡᠨ | ᠠᠴᠠ ᠨᠠᠰᠢ ᠮᠡᠰᠡ ᠵᠠᠰᠠᠯ ᠢᠶᠠᠷ 50 ᠭᠠᠷᠤᠢ ᠬᠤᠷᠠᠭ᠎ᠠ ᠶᠢ ᠠᠮᠵᠢᠯᠲᠠ ᠲᠠᠢ ᠡᠳᠡᠭᠡᠷᠡᠬᠦᠯᠦᠯᠠ︔ ᠡᠮ ᠠᠪᠤᠭᠰᠠᠨ ᠮᠠᠯᠴᠢᠳ | ᠤᠨ ᠬᠠᠷᠢᠭᠤ ᠳᠤᠰᠬᠠᠯ ᠴᠤ ᠶᠡᠭᠡ ᠰᠠᠶᠢᠨ ᠪᠠᠶᠢᠨ᠎ᠠ︾ ᠭᠡᠵᠤ ᠤᠷᠭᠤᠭ᠎ᠠ ᠶᠠᠷᠢᠯ᠎ᠠ᠃ | ᠬᠡᠳᠦ᠋ᠢᠪᠡᠷ ᠮᠠᠯ ᠡᠮᠨᠡᠯᠭᠡ ᠶᠢᠨ ᠠᠵᠢᠯ ᠮᠠᠰᠢ ᠬᠠᠲᠠᠭᠤᠵᠢᠯᠲᠠᠶ ᠪᠠᠶᠢᠳᠠᠭ ᠪᠣᠯᠪᠠᠴᠤ ᠤᠷᠭᠤᠭ᠎ᠠ ᠮᠥᠨ ᠯᠡ ᠬᠠᠯᠠᠰᠢᠷᠠᠯ | ᠦᠭᠡᠢ ᠵᠢᠳᠬᠦᠵᠤ᠂ ᠦᠢᠯᠡᠴᠢᠯᠡᠭᠡ ᠪᠠᠨ ᠰᠠᠶᠢᠵᠢᠷᠠᠭᠤᠯᠬᠤ ᠶᠢᠨ ᠳᠠᠭᠠᠤ ᠰᠤᠷᠤᠯᠴᠠᠯᠭ᠎ᠠ ᠪᠠᠨ ᠬᠦᠨᠵᠡᠭᠡᠶᠢᠷᠡᠬᠦᠯᠵᠤ᠂ ᠣᠯᠠᠨ | ᠤ ᠮᠠᠭᠳᠠᠭᠠᠯ ᠰᠠᠶᠢᠰᠢᠶᠠᠯ ᠢ ᠤᠯᠵᠤ ᠪᠠᠶᠢᠨ᠎ᠠ᠃ ᠤᠳᠤ ᠲᠡᠷᠡ ᠳᠡᠯᠭᠡᠬᠦᠷ ᠲᠤ ᠪᠠᠨ ᠬᠤᠶᠠᠷ ᠠᠵᠢᠯᠳᠠᠨ ᠬᠦᠯᠦᠰᠦᠯᠡᠨ | ᠦᠷᠭᠦᠯᠵᠢ ᠮᠠᠯᠴᠢᠳ ᠤᠨ ᠭᠡᠷ ᠲᠤ ᠭᠦᠷᠴᠥ ᠮᠠᠯ ᠡᠮᠴᠢᠯᠡᠭᠡᠨ ᠤ ᠦᠢᠯᠡᠴᠢᠯᠡᠭᠡ ᠬᠠᠩᠭᠠᠵᠥ᠂ ᠪᠠᠰᠠ ᠸᠢᠴᠠᠲ ᠬᠤᠯᠪᠤᠭ᠎ᠠ ᠶᠢ | ᠠᠰᠢᠭᠯᠠᠨ ᠮᠠᠯᠴᠢᠳ ᠲᠤ ᠮᠠᠯ ᠡᠮᠨᠡᠯᠭᠡ ᠶᠢᠨ ᠲᠠᠯ᠎ᠠ ᠪᠠᠷ ᠬᠢ ᠮᠡᠳᠡᠯᠭᠡ ᠮᠡᠳᠡᠴᠡ ᠶᠢᠨ ᠳᠤᠬᠠᠢ ᠲᠠᠶᠢᠯᠪᠤᠷᠢᠯᠠᠨ ᠥᠭᠴᠦ᠂ | ᠬᠡᠷᠬᠢᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ᠂ ᠮᠠᠯ ᠤᠨ ᠡᠪᠡᠳᠴᠢᠨ ᠭᠡᠮ ᠠᠴᠠ ᠬᠡᠷᠬᠢᠨ ᠰᠡᠷᠬᠡᠶᠢᠯᠡᠬᠦ | ᠲᠤᠬᠠᠢ ᠤᠬᠠᠭᠤᠯᠳᠠᠭ ᠪᠠᠶᠢᠨ᠎ᠠ᠃ ︽ᠤᠷᠭᠤᠭ᠎ᠠ ᠶᠢ ᠠᠯᠢ ᠡᠷᠳᠡ ᠠᠴᠠ ᠰᠠᠶᠢᠠ ᠲᠠᠨᠢᠵᠤ ᠮᠡᠳᠡᠨ᠎ᠡ︔ ᠡᠨᠡ ᠲᠠᠭᠦᠦ ᠮᠠᠯ | ᠡᠮᠨᠡᠯᠭᠡ ᠳᠤ ᠪᠠᠨ ᠠᠪᠢᠶᠠᠰ ᠲᠠᠢ ᠪᠠᠶᠢᠵᠥ᠂ ᠵᠠᠰᠠᠯᠭ᠎ᠠ ᠬᠢᠭᠦ ᠳᠤ ᠴᠤ ᠭᠠᠷ ᠨᠢ ᠶᠡᠭᠡ ᠭᠦᠩᠭᠡᠡ ᠪᠠᠶᠢᠳᠠᠭ︔ ᠣᠯᠠᠨ ᠤᠳᠠᠭ᠎ᠠ | ᠤᠷᠭᠤᠭ᠎ᠠ ᠪᠠᠷ ᠮᠠᠯ ᠢᠶᠠᠨ ᠡᠮᠨᠡᠬᠦᠯᠦᠭᠡᠳ ᠶᠡᠭᠡ ᠠᠮᠵᠢᠯᠲᠠ ᠲᠠᠢ ᠪᠤᠯᠵᠥ ᠪᠠᠶᠢᠠᠠᠰᠠᠠ︔ ᠤᠷᠭᠤᠭ᠎ᠠ ᠶᠡᠷᠦ ᠠᠴᠠ ᠢᠯᠡᠭᠦᠴᠡ | ᠡᠮ ᠲᠠᠩ ᠬᠡᠷᠡᠭᠯᠡᠬᠦ ᠦᠭᠡᠢ ᠪᠠᠶᠢᠳᠠᠭ︾ ᠭᠡᠵᠤ ᠮᠠᠯ ᠤᠨ ᠡᠮ ᠠᠪᠬᠤ ᠪᠠᠷ ᠢᠷᠡᠭᠰᠡᠨ ᠤᠩᠭᠤᠨ ᠠᠭᠤᠯᠠ ᠰᠤᠮᠤᠠ ᠤ | ᠠᠯᠳ᠋ᠬᠮᠣᠳᠣ ᠭᠠᠴᠠᠭᠠᠨ ᠤ ᠮᠠᠯᠴᠢᠨ ᠠᠯᠳᠠᠨᠳᠤᠭᠤᠰ ᠶᠠᠷᠢᠯ᠎ᠠ᠃ | ᠡᠭᠡᠯ ᠵᠢᠷ ᠤᠨ ᠠᠵᠢᠯ ᠤᠨ ᠪᠠᠶᠢᠷᠢᠨ ᠳᠤ ᠤᠷᠭᠤᠭ᠎ᠠ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠮᠠᠯ ᠡᠮᠨᠡᠯᠭᠡ ᠶᠢᠨ | ᠠᠵᠢᠯᠲᠠᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠬᠦᠯᠵᠤ᠂ ᠮᠠᠯᠴᠢᠳ ᠲᠤ ᠪᠠᠨ ᠦᠨᠡᠨᠴᠢ ᠪᠠᠷ | ᠦᠢᠯᠡᠴᠢᠯᠡᠭᠰᠡᠭᠡᠷ ᠁ |