ᠦᠢᠯᠡᠰᠴᠢᠨ ᠵᠠᠯᠠᠭᠤ ᠡᠩᠬᠡᠨᠠᠷᠠᠨ ᠰᠦᠯᠵᠢᠶ᠎ᠠ ᠪᠠᠷ ᠤᠨᠴᠠᠯᠢᠭᠲᠦ ᠢᠳᠡᠭᠡᠨ ᠢᠶᠠᠨ ᠪᠤᠷᠤᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/25
     ᠭᠦᠪᠡᠭᠡᠲᠦ ᠰᠢᠷ᠎ᠠ ᠬᠤᠰᠢᠭᠤᠨ ᠤ ︽ᠣᠣᠭᠠᠯ ᠮᠠᠯᠵᠢᠯ︾ ᠢᠳᠡᠭᠡ ᠴᠡᠪ ᠪᠣᠯᠪᠠᠰᠣᠷᠠᠭᠤᠯᠬᠤ ᠲᠠᠰᠤᠭ ᠤᠨ ᠡᠵᠡᠩᠨᠡᠭᠴᠢ ᠡᠩᠬᠡᠨᠡᠷᠡᠨ ᠪᠤᠯ ᠲᠤᠰ ᠨᠤᠲᠤᠭ ᠤᠨ ᠢᠶᠠᠨ ᠤᠨᠴᠠᠯᠢᠭᠲᠦ ᠠᠵᠤ ᠦᠢᠯᠡᠰ ᠢ ᠬᠦᠭᠵᠢᠬᠦᠯᠵᠤ᠂ ᠦᠢᠯᠡᠰ ᠪᠤᠰᠬᠠᠬᠤ ᠬᠦᠰᠡᠯ ᠵᠤᠷᠢᠯᠳᠠ ᠶᠢᠨ ᠢᠶᠠᠨ ᠲᠦᠯᠦᠭᠡ ᠮᠡᠷᠡᠶᠢᠨ ᠲᠡᠮᠡᠤᠯᠡᠵᠤ ᠶᠠᠪᠤᠭ᠎ᠠ ᠠᠪᠢᠶᠠᠰᠤᠯᠢᠭ ᠵᠠᠯᠠᠭᠤᠴᠤᠳ ᠤᠨ ᠨᠢᠭᠡᠨ ᠪᠤᠯᠤᠨ᠎ᠠ᠃ ᠡᠩᠬᠡᠨᠡᠷᠡᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠵᠤᠷᠢᠭᠰᠠᠨ ᠳᠤ ᠪᠠᠨ ᠬᠦᠷᠳᠡᠭ ᠵᠤᠷᠢᠭ ᠳᠡᠪᠴᠢᠶᠡᠷᠢ ᠪᠠᠷ ᠨᠤᠲᠤᠭ ᠤᠰᠤ ᠪᠠᠨ ᠰᠠᠶᠢᠲᠤᠷ ᠤᠬᠠᠭᠤᠯᠵᠤ᠂ ᠨᠤᠲᠤᠭ ᠤᠨ ᠢᠶᠠᠨ ᠤᠨᠴᠠᠯᠢᠬᠳᠤ ᠢᠳᠡᠭᠡᠨ ᠢ ᠲᠣᠣᠷ ᠰᠦᠯᠵᠢᠶ᠎ᠠ ᠪᠠᠷ ᠪᠤᠷᠤᠯᠠᠭᠤᠯᠵᠤ ᠦᠷ᠎ᠡ ᠠᠰᠢᠭ ᠢᠶᠠᠷ ᠰᠠᠶᠢᠨ ᠪᠠᠶᠢᠨ᠎ᠠ᠃     ᠰᠤᠷᠪᠤᠯᠵᠢᠯᠠᠭᠴᠢ ︽ᠣᠣᠭᠠᠯ ᠮᠠᠯᠵᠢᠯ︾ ᠢᠳᠡᠭᠡ ᠴᠡᠪ ᠪᠣᠯᠪᠠᠰᠣᠷᠠᠭᠤᠯᠬᠤ ᠲᠠᠰᠤᠭ ᠲᠤ ᠬᠦᠷᠬᠦ ᠳᠤ᠂ ᠡᠩᠬᠡᠨᠡᠷᠡᠨ ᠠᠵᠢᠯᠴᠢᠨ ᠲᠠᠢ ᠪᠠᠨ ᠬᠠᠮᠳᠣ ᠪᠠᠷ ᠮᠣᠩᠭᠤᠯ ᠱᠠᠯᠪᠢᠩ ᠬᠢᠵᠤ ᠪᠤᠭᠤᠳᠠᠯᠯᠠᠨ᠂ ᠰᠤᠱᠢᠭ ᠲᠠᠢ ᠪᠦᠳᠣᠬᠡᠭᠳᠡᠬᠦᠨ ᠢᠶᠠᠨ ᠪᠡᠯᠡᠳᠬᠡᠵᠤ ᠶᠠᠭᠠᠷᠠᠯᠳᠣᠨ᠎ᠠ᠃ ᠡᠩᠬᠡᠨᠠᠷᠠᠨ ᠶᠡᠭᠡ ᠰᠤᠷᠭᠠᠭᠤᠯᠢ ᠪᠠᠨ ᠲᠡᠬᠦᠰᠦᠭᠰᠡᠨ ᠤ ᠳᠠᠷᠠᠭ᠎ᠠ ᠡᠮᠦᠨᠡᠰᠢ ᠵᠠᠬ᠎ᠠ ᠵᠡᠭᠡᠯᠢ ᠨᠡᠭᠡᠭᠡᠬᠦ᠂ ᠬᠤᠨᠢ ᠦᠬᠡᠷ ᠤᠨ ᠮᠢᠬ᠎ᠠ ᠪᠠᠨ ᠪᠤᠷᠤᠯᠠᠭᠤᠯᠬᠤ᠂ ᠬᠤᠭᠤᠯᠠᠨ ᠭᠡᠷ ᠡᠷᠬᠢᠯᠡᠬᠦ ᠵᠡᠷᠭᠡ ᠤᠯᠠᠨ ᠠᠵᠢᠯ ᠢ ᠬᠢᠵᠤ᠂ ᠠᠷᠭ᠎ᠠ ᠳᠤᠷᠰᠢᠯᠭ᠎ᠠ ᠬᠤᠷᠠᠮᠳᠤᠭᠤᠯᠤᠭᠰᠠᠨ ᠰᠠᠭᠤᠷᠢᠨ ᠳᠡᠭᠡᠷ᠎ᠡ ᠲᠦᠷᠦᠬᠦᠦ ᠵᠢᠯ ︽ᠣᠣᠭᠠᠯ ᠮᠠᠯᠵᠢᠯ︾ ᠢᠳᠡᠭᠡ ᠴᠡᠪ ᠪᠣᠯᠪᠠᠰᠣᠷᠠᠭᠤᠯᠬᠤ ᠲᠠᠰᠤᠭ ᠢᠶᠠᠨ ᠨᠡᠭᠡᠭᠡᠵᠠᠢ᠃ ︽ᠡᠨᠡ ᠬᠤᠶᠡᠷ ᠵᠢᠯ ᠮᠠᠯ ᠤᠨ ᠦᠨ᠎ᠠ ᠰᠦᠷᠡᠬᠡᠢ ᠪᠠᠭᠤᠷᠠᠬᠰᠠᠨ︔ ᠡᠨᠡ ᠰᠠᠶᠢᠬᠠᠨ ᠪᠠᠶᠢᠭᠠᠯᠢᠯᠢᠭ ᠮᠢᠬ᠎ᠠ ᠪᠠᠨ ᠭᠠᠳᠠᠬᠰᠢ ᠪᠠᠨ ᠭᠠᠷᠭᠠᠵᠣ ᠲᠠᠸᠡᠷ ᠪᠣᠯᠭᠠᠵᠣ᠂ ᠬᠠᠮᠤᠭ ᠲᠦᠬᠦᠮ ᠢᠶᠠᠷ ᠬᠡᠷᠡᠭᠯᠡᠬᠦ ᠳᠤᠬᠠᠢ ᠦᠢᠯᠡᠴᠢᠯᠡᠭᠡ ᠬᠠᠩᠭᠠᠬᠤ ᠬᠡᠰᠠᠨ ᠵᠤᠷᠢᠯᠭ᠎ᠠ ᠠᠴᠠ ᠡᠳᠡᠬᠡᠷ ᠲᠠᠸᠡᠷ ᠢᠶᠠᠨ ᠡᠬᠢᠯᠡᠵᠣ ᠬᠢᠭᠰᠡᠨ ᠶᠤᠮ︾ ᠭᠡᠵᠤ ᠡᠩᠬᠡᠨᠠᠷᠠᠨ ᠶᠠᠷᠢᠯ᠎ᠠ᠃     ᠡᠩᠬᠡᠨᠡᠷᠡᠨ᠂ ᠤᠯᠠᠮᠵᠢᠯᠠᠯᠲᠤ ᠮᠠᠯ ᠠᠵᠤ ᠠᠬᠤᠢ ᠶᠢᠨ ᠡᠵᠡᠩᠨᠡᠯᠲᠡ ᠶᠢ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠤᠬᠢᠴᠠᠭᠤᠯᠤᠨ ᠰᠢᠨ᠎ᠡ ᠬᠡᠪ ᠵᠠᠭᠪᠤᠷ ᠢᠶᠠᠷ ᠡᠵᠡᠩᠨᠡᠬᠦ ᠴᠢᠬᠤᠯᠠᠲᠠᠢ ᠶᠢ ᠰᠡᠷᠭᠡᠭ ᠢᠶᠠᠷ ᠮᠡᠳᠡᠷᠡᠨ᠂ ᠣᠯᠠᠭᠠᠨ ᠢᠳᠡᠬᠡᠨ ᠤ ᠨᠠᠷᠢᠯᠢᠭ ᠡᠳ᠋ᠰᠢᠬᠦᠯᠣᠯᠳᠠ ᠶᠢᠨ ᠪᠦᠳᠣᠬᠡᠭᠳᠡᠬᠦᠨ ᠢ ᠲᠠᠬᠢᠨ ᠳᠠᠪᠲᠠᠨ ᠲᠣᠷᠰᠢᠨ ᠬᠢᠬᠦ ᠪᠠᠷ ᠲᠠᠮᠵᠢᠨ᠂ ᠣᠳᠣᠬᠠᠨ ᠪᠤᠯᠲᠠᠯ᠎ᠠ ︽ᠡᠯᠪᠡᠭ ᠲᠣᠭᠤᠭ᠎ᠠ︾᠂ ᠮᠣᠩᠭᠤᠯ ᠱᠠᠯᠪᠢᠩ᠂ ᠪᠣᠣᠰᠠ᠂ ᠪᠣᠷᠴᠠ᠂ ᠦᠬᠡᠷ ᠤᠨ ᠮᠢᠬᠠᠨ ᠵᠢᠶᠠᠩ  ᠵᠡᠷᠬᠡ ᠲᠠᠪᠣᠨ ᠵᠦᠢᠯ ᠤᠨ ᠪᠤᠭᠤᠳᠠᠯᠯᠠᠭᠰᠠᠨ ᠪᠦᠲᠦᠭᠡᠭᠳᠡᠬᠦᠨ ᠢ ᠦᠢᠯᠡᠳᠴᠣ᠂ ᠵᠠᠬ᠎ᠠ ᠲᠡᠯᠬᠡᠬᠦᠷ ᠲᠤ ᠭᠠᠷᠭᠠᠵᠠᠢ᠃ ᠡᠬᠦᠨ ᠳᠤ᠂ ︽ᠡᠯᠪᠡᠭ ᠳᠤᠭᠤᠭ᠎ᠠ︾ ᠭᠡᠵᠤ ᠨᠡᠷᠡᠯᠡᠭᠰᠡᠨ ᠮᠠᠯ ᠤᠨ ᠮᠢᠬ᠎ᠠ᠂ ᠭᠡᠳᠡᠰᠦ ᠳᠤᠳᠤᠷ ᠢ ᠵᠢᠵᠢᠭᠯᠡᠨ ᠤᠭᠤᠳᠠᠯᠯᠠᠭᠰᠠᠨ ᠬᠠᠯᠠᠭᠤᠨ ᠳᠤᠭᠤᠭ᠎ᠠ ᠨᠢ ᠬᠡᠷᠡᠭᠯᠡᠭᠴᠢᠳ ᠤᠨ ᠳᠠᠭᠠᠰᠢᠶᠠᠯ ᠢ ᠢᠯᠡᠬᠦᠦ ᠤᠯᠵᠤ ᠪᠠᠶᠢᠨ᠎ᠠ᠃ ᠡᠳᠡᠭᠡᠷ ᠪᠦᠲᠦᠭᠡᠭᠳᠡᠬᠦᠨ ᠨᠢ ᠳᠦᠬᠦᠮ ᠬᠠᠯᠠᠭᠠᠬᠤ᠂ ᠬᠠᠭᠠᠷᠢᠬᠤ ᠪᠣᠶᠣ ᠵᠢᠩᠨᠡᠵᠤ ᠬᠡᠳᠦᠬᠡᠨ ᠮᠢᠨᠦ᠋ᠲ ᠲᠤ ᠢᠳᠡᠬᠦ ᠳᠤ ᠪᠠᠯᠠᠨ ᠪᠣᠯᠴᠢᠬᠠᠳᠠᠭ ᠠᠮᠳᠠᠳᠣ ᠢᠳᠡᠬᠡᠨ ᠪᠠᠶᠢᠵᠣ᠂ ᠶᠠᠭᠠᠷᠠᠤ ᠦᠶ᠎ᠡ ᠪᠤᠶᠤ ᠠᠶᠠᠯᠠᠯ ᠵᠣᠭᠠᠴᠠᠯ ᠳᠤ ᠪᠡᠯᠡᠳᠬᠡᠬᠦ ᠳᠤ ᠳᠤᠳᠠᠭᠳᠠᠵᠤ ᠪᠤᠯᠤᠰᠢ ᠦᠭᠡᠢ ᠪᠦᠲᠦᠭᠡᠭᠳᠡᠬᠦᠨ ᠪᠤᠯᠵᠠᠢ᠃     ᠪᠣᠷᠣᠯᠠᠭᠤᠯᠭ᠎ᠠ ᠶᠢᠨ ᠲᠠᠯ᠎ᠠ ᠳᠤ ᠡᠩᠬᠡᠨᠡᠷᠡᠨ ᠵᠣᠷᠢᠭᠲᠠᠢ ᠪᠠᠷ ᠰᠢᠨ᠎ᠡ ᠶᠢ ᠡᠭᠦᠳᠴᠦ᠂ ᠤᠯᠠᠮᠵᠢᠯᠠᠯᠲᠤ ᠪᠣᠷᠤᠯᠠᠭᠤᠯᠭ᠎ᠠ ᠶᠢᠨ ᠵᠠᠭᠪᠤᠷ ᠢ ᠲᠠᠶᠠᠭᠳᠠᠵᠤ᠂ ︽ᠰᠦᠯᠵᠢᠶᠡᠨ ᠳᠡᠭᠡᠷ᠎ᠡ ᠪᠣᠷᠣᠯᠠᠭᠤᠯᠬᠤ + ᠰᠦᠯᠵᠢᠶᠡᠨ ᠭᠠᠳᠠᠨ᠎ᠠ ᠦᠢᠯᠡᠳᠪᠦᠷᠢᠯᠡᠬᠦ︾ ᠰᠢᠨ᠎ᠡ ᠬᠤᠳᠠᠯᠳᠤᠬᠤ ᠵᠠᠭᠪᠤᠷ ᠢ ᠬᠡᠷᠡᠭᠯᠡᠵᠦ᠂ ᠦᠢᠯᠡᠳᠬᠦᠨ ᠤ ᠪᠣᠷᠤᠯᠠᠭᠤᠯᠭ᠎ᠠ ᠶᠢᠨ ᠵᠠᠮ ᠢ ᠠᠮᠵᠢᠯᠲᠠ ᠲᠠᠢ ᠨᠡᠬᠡᠬᠡᠭᠰᠠᠨ ᠪᠠᠶᠢᠨ᠎ᠠ᠃ ︽ᠣᠳᠣ ᠲᠠᠪᠣᠨ ᠵᠦᠢᠯ ᠤᠨ ᠪᠦᠳᠣᠬᠡᠭᠳᠡᠬᠦᠨ ᠢᠶᠠᠨ ᠲᠢᠺ ᠲᠣᠺ᠂ ᠰᠦᠯᠵᠢᠶ᠎ᠠ ᠪᠠᠷ ᠡᠬᠢᠯᠡᠵᠤ ᠪᠤᠷᠤᠯᠠᠭᠤᠯᠤᠭᠰᠠᠨ︔ ᠰᠢᠭᠤᠳ ᠨᠡᠪᠳᠡᠷᠡᠬᠦᠯᠬᠡ ᠪᠠᠷ ᠴᠤ ᠪᠣᠷᠣᠯᠠᠭᠤᠯᠣᠭᠠᠳ ᠡᠬᠢᠯᠡᠭᠰᠠᠨ︔ ᠰᠦᠯᠵᠢᠶᠠᠨ ᠲᠡᠬᠡᠷ᠎ᠡ ᠵᠠᠭᠤᠨ ᠤ ᠵᠠᠭᠤ ᠶᠢᠨ ᠰᠠᠶᠢᠨ ᠦᠨᠡᠯᠠᠯᠳᠠ ᠶᠢ ᠣᠯᠵᠣ ᠪᠠᠶᠢᠨ᠎ᠠ︔ ᠣᠳᠣ ᠲᠣᠯᠤᠭ᠎ᠠ ᠨᠠᠢᠮᠠᠨ ᠠᠵᠢᠯᠲᠠᠨ ᠡᠯᠰᠡᠵᠤ᠂ ᠡᠳᠣᠷ  ᠲᠤ ᠪᠠᠨ ᠠᠵᠢᠯᠯᠠᠭᠠᠳ ᠮᠠᠷᠭᠠᠰᠢ ᠨᠦᠬᠦᠬᠡᠳᠣᠷ ᠨᠢ ᠪᠦᠬᠡᠮ ᠳᠤ ᠪᠠᠨ ᠪᠠᠷᠠᠭ᠎ᠠ ᠪᠠᠨ ᠶᠠᠪᠣᠭᠤᠯᠣᠭᠠᠳ ᠲᠠᠭᠤᠰᠬᠠᠴᠢᠬᠠᠨ᠎ᠠ︔ ᠪᠠᠷᠠᠭ᠎ᠠ ᠳᠠᠷᠤᠭᠳᠠᠬᠤ ᠪᠠᠶᠢᠳᠠᠯ ᠭᠠᠷᠬᠤ ᠦᠬᠡᠢ︔ ᠱᠧᠨ᠋ᠵᠸᠠ ᠬᠤᠳᠠ᠂ ᠰᠢᠨᠵᠢᠶᠠᠩ᠂ ᠳ᠋ᠠᠯᠢᠶᠠᠨ ᠬᠤᠳᠠ ᠵᠡᠷᠬᠡ ᠭᠠᠵᠡᠷ ᠣᠷᠣᠨ ᠳᠤ ᠪᠦᠷ ᠪᠣᠷᠣᠯᠠᠭᠤᠯᠵᠣ ᠪᠣᠢ︾ ᠭᠡᠵᠤ ᠡᠩᠬᠡᠨᠠᠷᠠᠨ ᠲᠠᠨᠢᠯᠴᠠᠭᠤᠯᠤᠯ᠎ᠠ᠃     ᠮᠠᠯ ᠤᠨ ᠠᠰᠢᠭ ᠰᠢᠮ᠎ᠡ ᠶᠢᠨ ᠳᠠᠯᠳᠠ ᠦᠨ᠎ᠡ ᠥᠷᠲᠡᠭ ᠢ ᠭᠦᠨᠵᠡᠭᠡᠶ ᠠᠭᠤᠳᠠᠯᠯᠠᠨ᠂ ᠬᠡᠷᠡᠭᠯᠡᠭᠴᠢᠳ ᠤᠨ ᠱᠠᠭᠠᠷᠳᠠᠯᠭ᠎ᠠ  ᠳᠤ ᠵᠤᠬᠢᠴᠠᠭᠤᠯᠵᠤ᠂ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠲᠠᠯ᠎ᠠ ᠪᠠᠷ ᠰᠢᠨ᠎ᠡ ᠶᠢ ᠡᠬᠦᠳᠴᠦ ᠴᠢᠳᠠᠭᠰᠠᠨ ᠠᠴᠠ ᠡᠩᠬᠡᠨᠡᠷᠡᠨ ᠰᠢᠨ᠎ᠡ ᠠᠮᠵᠢᠯᠲᠠ ᠳᠤ ᠬᠦᠷᠴᠦ᠂ ᠵᠠᠬ᠎ᠠ ᠳᠡᠯᠭᠡᠬᠦᠷ ᠨᠡᠭᠡᠭᠡᠵᠤ ᠪᠠᠶᠢᠭ᠎ᠠ ᠵᠠᠯᠠᠭᠤᠴᠤᠳ ᠲᠤ ᠪᠠᠨ ᠬᠡᠪ ᠳᠠᠭᠤᠷᠢᠶᠠᠯ ᠪᠤᠯᠵᠤ  ᠴᠢᠳᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号