︽ᠲᠦᠯᠦᠭᠡᠯᠡᠭᠴᠢ ᠭᠡᠰᠢᠭᠦᠳ ᠤᠨ ᠦᠷᠦᠭᠡ︾ ᠪᠠᠷ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠭᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/25
     4 ᠰᠠᠷ᠎ᠠ ᠶᠢᠨ 24 ᠤ ᠡᠳᠦᠷ᠂ ᠬᠤᠰᠢᠭᠤᠨ ᠤ ᠳᠥᠷᠪᠡᠨ ᠤᠳᠤᠷᠢᠳᠬᠤ ᠪᠠᠭ ᠤᠨ ᠤᠳᠤᠷᠢᠳᠤᠯᠭ᠎ᠠ ᠨᠢ ᠬᠤᠰᠢᠭᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠲᠥᠯᠥᠭᠡᠯᠡᠭᠴᠢ ᠭᠡᠰᠢᠭᠦᠨ ᠳᠤ ᠦᠢᠯᠡᠴᠢᠯᠡᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤ ᠬᠤᠰᠢᠭᠤᠨ ᠤ ᠲᠠᠰ ᠤᠨ ︽ᠲᠥᠯᠥᠭᠡᠯᠡᠭᠴᠢ ᠬᠡᠰᠢᠬᠦᠳ ᠤᠨ ᠦᠷᠦᠭᠡ︾ ᠳᠤ ᠬᠦᠷᠴᠦ᠂ ᠲᠤᠬᠠᠶ ᠶᠢᠨ ᠲᠠᠯᠠᠪᠤᠷ ᠲᠤ ᠲᠥᠯᠥᠭᠡᠯᠡᠭᠴᠢ ᠭᠡᠰᠢᠭᠦᠨ ᠤ ᠦᠷᠦᠭᠡ ᠶᠢᠨ ᠠᠵᠢᠯᠯᠠᠭᠠᠨ ᠤ ᠪᠠᠶᠢᠳᠠᠯ ᠢ ᠰᠣᠨᠣᠰᠬᠤ ᠶᠢᠨ ᠬᠠᠮᠳᠣ ᠰᠠᠭᠤᠳᠠᠯ ᠤᠨ ᠬᠤᠷᠠᠯ ᠬᠤᠷᠠᠯᠳᠣᠭᠤᠯᠵᠦ᠂ ᠲᠥᠯᠥᠭᠡᠯᠡᠭᠴᠢ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠢᠭᠰᠠᠭᠠᠯ ᠤᠨ ᠭᠠᠵᠠᠷ ᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ᠂ ᠲᠥᠯᠥᠭᠡᠯᠡᠭᠴᠢ ᠭᠡᠰᠢᠭᠦᠨ ᠤ ᠡᠭᠦᠷᠭᠡ ᠲᠤᠰᠢᠶᠠᠯ ᠢᠶᠠᠨ ᠪᠠᠶᠢᠩᠭᠤᠵᠢᠭᠤᠯᠤᠨ ᠭᠦᠢᠴᠡᠳᠬᠡᠬᠦ ᠶᠢ ᠠᠬᠢᠭᠤᠯᠬᠤ ᠲᠤᠬᠠᠶ ᠰᠠᠨᠠᠯ ᠢᠶᠠᠨ ᠰᠣᠯᠢᠯᠴᠠᠵᠠᠢ᠃     ᠰᠠᠭᠤᠳᠠᠯ ᠤᠨ ᠬᠤᠷᠠᠯ ᠬᠤᠷᠠᠯ ᠳᠡᠭᠡᠷ᠎ᠡ᠂ ᠲᠦᠯᠦᠭᠡᠯᠡᠭᠴᠢ ᠭᠡᠰᠢᠭᠦᠳ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠵᠤ ᠰᠠᠨᠠᠯ ᠢᠶᠠᠨ ᠰᠣᠯᠢᠯᠴᠠᠨ᠂ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠲᠥᠯᠥᠭᠡᠯᠡᠭᠴᠢᠳ ᠭᠡᠰᠢᠭᠦᠳ ᠤᠨ ᠰᠠᠨᠠᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠥᠯᠥᠭᠡᠯᠡᠭᠴᠢᠳ ᠭᠡᠰᠢᠭᠦᠳ ᠲᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠨᠡᠩ ᠰᠢᠯᠢᠳᠡᠭ ᠣᠷᠴᠢᠨ ᠲᠣᠭᠤᠷᠢᠨ ᠢ ᠡᠭᠦᠳᠴᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠨᠡᠩ ᠰᠠᠶᠢᠨ ᠠᠭᠤᠷ ᠠᠮᠢᠰᠬᠤᠯ ᠢ ᠪᠤᠢ ᠪᠣᠯᠭᠠᠵᠤ᠂ ᠲᠥᠯᠥᠭᠡᠯᠡᠭᠴᠢᠳ ᠭᠡᠰᠢᠭᠦᠳ ᠲᠤ ᠰᠠᠶᠢᠳᠣᠷ ᠦᠢᠯᠡᠴᠢᠯᠡᠨ᠎ᠡ ᠭᠡᠵᠡᠢ᠃    ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ᠂ ᠣᠯᠠᠨ ᠲᠦᠮᠡᠨ ᠳᠤ ᠦᠢᠯᠡᠴᠢᠯᠡᠬᠦ᠂ ᠵᠣᠭᠢᠴᠠᠭᠤᠯᠵᠦ ᠬᠢᠨᠠᠯᠲᠠ ᠲᠠᠯᠪᠢᠬᠤ ᠵᠡᠷᠭᠡ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠮᠠᠨ ᠤ ᠬᠤᠰᠢᠭᠤ ᠲᠥᠯᠥᠭᠡᠯᠡᠭᠴᠢ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠢᠬᠰᠠᠭᠠᠯ ᠤᠨ ᠭᠠᠵᠠᠷ ᠢ ᠢᠳᠡᠪᠬᠢᠲᠡᠶ ᠪᠠᠶᠢᠭᠤᠯᠵᠤ᠂ ᠲᠥᠯᠥᠭᠡᠯᠡᠭᠴᠢ ᠭᠡᠰᠢᠭᠦᠨ ᠤ ᠦᠷᠦᠭᠡ ᠶᠢ ᠪᠠᠶᠢᠭᠤᠯᠬᠤ ᠪᠠᠷ ᠳᠠᠮᠵᠢᠭᠤᠯᠤᠨ᠂ ᠲᠣᠰ ᠲᠣᠰ ᠤᠨ ᠡᠬᠢ ᠪᠠᠶᠠᠯᠢᠭ ᠢ ᠨᠢᠭᠡᠳᠬᠡᠵᠤ᠂ ᠲᠥᠯᠥᠭᠡᠯᠡᠭᠴᠢ ᠭᠡᠰᠢᠭᠦᠨ ᠤ ᠬᠦᠴᠦᠨ ᠴᠢᠳᠠᠯ ᠢ ᠥᠷᠭᠡᠨ ᠢᠶᠠᠷ ᠨᠢᠬᠳᠠᠷᠠᠭᠤᠯᠵᠦ ᠪᠣᠢ᠃ ᠡᠯ᠎ᠡ ᠱᠠᠲᠤᠨ ᠤ ︽ᠲᠥᠯᠥᠭᠡᠯᠡᠭᠴᠢ ᠭᠡᠰᠢᠭᠦᠨ︾ ᠨᠢ ᠲᠥᠯᠥᠭᠡᠯᠡᠭᠴᠢ ᠭᠡᠰᠢᠭᠦᠨ ᠤ ᠦᠷᠦᠭᠡ ᠵᠡᠷᠭᠡ ᠠᠴᠢᠶᠠᠯᠠᠪᠤᠷᠢ ᠳᠤ ᠲᠦᠰᠢᠭᠯᠡᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠨᠡᠶᠢᠭᠡᠮ ᠤᠨ ᠵᠥᠷᠢᠴᠡᠯ ᠢ ᠰᠢᠢᠳᠪᠦᠷᠢᠯᠡᠨ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠢ ᠨᠡᠪᠲᠡᠷᠡᠯᠴᠡᠭᠦᠯᠬᠦ ︽ᠰᠡᠳᠬᠢᠯ ᠤᠨ ᠬᠥᠭᠦᠷᠭᠡ︾ ᠪᠣᠯᠵᠣ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠥᠯᠭᠢᠨ ᠠᠬᠢᠭᠤᠯᠵᠠᠢ᠃ ︽ᠨᠠᠮ ᠤᠨ ᠲᠥᠯᠥᠭᠡᠯᠡᠭᠴᠢ ᠪᠦᠭᠡᠳ ᠠᠷᠠᠳ ᠤᠨ ᠪᠠᠭᠰᠢ ᠪᠣᠯᠤᠭᠰᠠᠨ ᠤ ᠬᠤᠪᠢ ᠳᠤ᠂ ᠪᠢ ᠲᠤᠰ ᠪᠡᠶ᠎ᠡ ᠶᠢᠨ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠲᠣᠰ ᠪᠡᠶ᠎ᠡ ᠶᠢᠨ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠬᠠᠷᠢᠭᠤᠴᠠᠯᠭᠠᠲᠤ ᠤᠬᠠᠮᠰᠠᠷ ᠢᠶᠠᠨ ᠳᠡᠭᠡᠭᠰᠢᠯᠡᠭᠦᠯᠦᠭᠰᠡᠭᠡᠷ ᠢᠷᠡᠵᠠᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠬᠤ ᠬᠤᠭᠤᠴᠠᠭᠠᠨ ᠳᠠᠭᠠᠨ ᠪᠢ ᠪᠠᠭᠰᠢ ᠪᠣᠯᠤᠨ ᠰᠤᠷᠤᠭᠴᠢᠳ ᠤᠨ ᠳᠡᠷᠭᠡᠳᠡ ᠬᠦᠷᠴᠦ᠂ ᠲᠡᠳᠡᠨ ᠤ ᠬᠦᠰᠡᠯ ᠱᠠᠭᠠᠷᠳᠠᠯᠭ᠎ᠠ ᠶᠢ ᠤᠶᠢᠯᠠᠭᠠᠳᠠᠭ᠃ ᠲᠠᠷᠠᠭᠠᠴᠢ ᠶᠢᠨ ᠠᠯᠬᠤᠮ ᠳᠤ ᠪᠢ ᠪᠠᠭᠰᠢ ᠰᠤᠷᠤᠭᠴᠢ ᠶᠢᠨ ᠲᠣᠭᠲᠠᠴᠠ ᠶᠢ ᠪᠠᠶᠢᠭᠤᠯᠵᠤ᠂ ᠪᠠᠭᠰᠢ ᠶᠢᠨ ᠮᠣᠷᠠᠯ ᠰᠤᠷᠲᠠᠯ᠂ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠤᠨ ᠠᠵᠢᠯ ᠤᠨ ᠳᠤᠮᠳᠠᠬᠢ ᠬᠦᠰᠡᠯ ᠱᠠᠭᠠᠷᠳᠠᠯᠭ᠎ᠠ ᠶᠢ ᠤᠯᠠᠮ ᠨᠢᠭᠡ ᠠᠯᠬᠤᠮ ᠣᠶᠢᠯᠠᠭᠠᠶ᠎ᠠ ᠭᠡᠵᠦ ᠪᠤᠳᠤᠵᠤ ᠪᠠᠶᠢᠨ᠎ᠠ︾ ᠭᠡᠵᠤ ᠨᠠᠮ ᠤᠨ ᠲᠥᠯᠥᠭᠡᠯᠡᠭᠴᠢ ᠡᡁᠦ᠋ᠸᠧ ᠵᠢᠩ ᠢᠦᠢ ᠰᠤᠷᠪᠤᠯᠵᠢᠯᠠᠭᠴᠢ ᠳᠤ ᠶᠠᠷᠢᠬᠤ ᠳᠤ ᠠᠷᠠᠳ ᠤᠨ ᠲᠥᠯᠥᠭᠡᠯᠡᠭᠴᠢ ᠸᠠᠩ ᠰᠢᠶᠤᠤ ᠶᠠᠨ ︽ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ ᠪᠠᠶᠢᠩᠭᠤᠵᠢᠭᠤᠯᠤᠨ ᠭᠦᠢᠴᠡᠳᠬᠡᠬᠦ ᠪᠠ ᠲᠥᠯᠥᠭᠡᠯᠡᠭᠴᠢ ᠭᠡᠰᠢᠭᠦᠳ ᠤᠨ ᠦᠷᠦᠭᠡ ᠶᠢᠨ ᠦᠷᠭᠦᠯᠵᠢᠯᠡᠯ ᠪᠣᠯ ᠨᠢᠭᠡᠨ ᠣᠷᠳᠣ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠶ ᠡᠭᠦᠷᠭᠡ ᠮᠥᠨ︔ ᠡᠶᠢᠮᠦ ᠠᠴᠠ ᠪᠢᠳᠡ ᠦᠷᠭᠦᠯᠵᠢᠯᠡᠨ ᠴᠢᠷᠮᠠᠶᠢᠵᠤ ᠲᠠᠰᠤᠷᠠᠯᠲᠠ ᠥᠬᠡᠶ ᠰᠢᠨ᠎ᠡ ᠶᠢ ᠡᠭᠦᠳᠬᠦ ᠴᠢᠬᠤᠯᠠᠲᠠᠶ ᠶᠤᠮ᠃ ᠪᠢᠳᠡ ᠲᠥᠯᠥᠭᠡᠯᠡᠭᠴᠢ ᠭᠡᠰᠢᠭᠦᠨ ᠤ ᠦᠷᠦᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠥ᠂ ᠨᠡᠶᠢᠭᠡᠮ ᠲᠣᠭᠤᠷᠢᠭ ᠤᠨ ᠬᠥᠭᠵᠢᠯᠲᠡ ᠪᠠ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠢ ᠴᠤᠭᠴᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠡᠶ᠃ ︽ᠲᠥᠯᠥᠭᠡᠯᠡᠭᠴᠢ ᠭᠡᠰᠢᠭᠦᠨ ᠤ ᠦᠷᠦᠭᠡ ᠶᠢ ᠪᠠᠶᠢᠭᠤᠯᠵᠤ ᠠᠰᠢᠬᠯᠠᠬᠰᠠᠨ ᠶᠠᠪᠤᠳᠠᠯ ᠪᠣᠯ ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠲᠥᠯᠥᠭᠡᠯᠡᠭᠴᠢ ᠭᠡᠰᠢᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠬᠠᠯᠠᠮᠵᠢᠯᠠᠵᠤ ᠪᠠᠶᠢᠭ᠎ᠠ ᠶᠠᠪᠤᠳᠠᠯ ᠪᠣᠯᠤᠨ᠎ᠠ᠃ ᠲᠥᠯᠥᠭᠡᠯᠡᠭᠴᠢ ᠭᠡᠰᠢᠭᠦᠳ ᠤᠨ ᠦᠷᠦᠭᠡ ᠶᠢᠨ  ᠪᠠᠶᠢᠭᠤᠯᠤᠯᠲᠠ ᠨᠢ ᠨᠠᠮ ᠤᠨ ᠲᠥᠯᠥᠭᠡᠯᠡᠭᠴᠢ ᠂ ᠠᠷᠠᠳ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠯᠴᠠᠬᠤ ᠠᠷᠭ᠎ᠠ ᠵᠠᠮ ᠢ ᠨᠡᠩ ᠰᠢᠯᠣᠭᠤᠳᠬᠠᠵᠦ᠂ ᠤᠯᠠᠨ ᠲᠦᠮᠡᠨ ᠤ ᠦᠨᠡᠨ ᠪᠣᠳᠠᠲᠠᠶ ᠠᠰᠠᠭᠤᠳᠠᠯ  ᠢᠶᠠᠨ ᠲᠣᠰᠬᠠᠬᠤ ᠳᠤ ᠲᠦᠭᠦᠮ ᠦᠵᠡᠭᠦᠯᠵᠡᠢ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠡᠨᠡᠬᠦ ᠲᠠᠪᠴᠠᠩ ᠢ ᠶᠡᠷᠦᠩᠬᠡᠶᠢᠯᠡᠨ ᠠᠰᠢᠭᠯᠠᠬᠤ ᠪᠠᠷ ᠳᠠᠮᠵᠢᠭᠤᠯᠤᠨ᠂ ᠠᠷᠠᠳ ᠣᠯᠠᠨ ᠂ ᠦᠨᠳᠦᠰᠦᠨ ᠱᠠᠲᠤᠨ ᠤ ᠬᠦᠰᠡᠯ ᠱᠠᠭᠠᠷᠳᠠᠯᠭ᠎ᠠ ᠶᠢ ᠨᠡᠩ ᠰᠠᠶᠢᠨ ᠣᠶᠢᠯᠠᠭᠠᠵᠤ᠂ ᠦᠨᠡᠨ ᠪᠣᠳᠠᠲᠠᠶ ᠠᠰᠠᠭᠤᠳᠠᠯ ᠢ ᠲᠤᠰᠬᠠᠵᠤ᠂ ᠠᠷᠠᠳ ᠣᠯᠠᠨ ᠤ ᠬᠦᠴᠢᠷᠳᠡᠯ ᠢ ᠦᠨᠡᠨ ᠪᠣᠳᠠᠲᠠᠶ ᠪᠠᠷ ᠰᠢᠢᠳᠪᠦᠷᠢᠯᠡᠵᠥ ᠦᠭᠭᠦᠨ᠎ᠡ︾ ᠭᠡᠵᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠠᠩ ᠰᠢᠶᠠᠩ ᠳ᠋ᠦᠩ ᠶᠠᠷᠢᠯ᠎ᠠ᠃     ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯ ᠨᠠᠮ ᠤᠨ ᠴᠢᠬᠤᠯᠠ ᠤᠯᠤᠰ ᠲᠦᠷᠦ ᠶᠢᠨ ᠡᠬᠢ ᠪᠠᠶᠠᠯᠢᠭ ᠪᠠ ᠲᠦᠷᠦ ᠪᠠᠷᠢᠬᠤ ᠡᠬᠢ ᠪᠠᠶᠠᠯᠢᠭ ᠮᠥᠨ᠃ ᠲᠥᠯᠥᠭᠡᠯᠡᠭᠴᠢ ᠭᠡᠰᠢᠭᠦᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠨᠢ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠪᠠᠶᠢᠳᠠᠭ᠃ ᠬᠦᠪᠡᠭᠡᠲᠦ ᠰᠢᠷ᠎ᠠ ᠬᠤᠰᠢᠭᠤ ᠨᠢ ᠰᠦᠨ ᠱᠤᠤ ᠴᠸᠡᠭ ᠱᠦᠵᠢ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠯᠥᠭᠡᠯᠡᠭᠴᠢ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠢᠭᠰᠠᠭᠠᠯ ᠤᠨ ᠭᠠᠵᠠᠷ ᠢ ᠰᠠᠶᠢᠲᠤᠷ ᠠᠰᠢᠭᠯᠠᠨ᠂ ᠲᠥᠯᠥᠭᠡᠯᠡᠭᠴᠢ ᠭᠡᠰᠢᠭᠦᠨ ᠤ ᠬᠦᠴᠦᠨ ᠢ ᠭᠦᠢᠴᠡᠳ ᠨᠢᠭᠲᠠᠷᠠᠭᠤᠯᠵᠤ᠂ ᠲᠥᠯᠥᠭᠡᠯᠡᠭᠴᠢ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠬᠦᠨᠳᠦᠳᠬᠡᠬᠦ ᠪᠠ ᠬᠠᠯᠠᠮᠵᠢᠯᠠᠬᠤ ᠶᠢ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠤᠨ ᠪᠦᠬᠦ ᠶᠠᠪᠤᠴᠠ ᠳᠤ ᠦᠨᠡᠨᠬᠦ ᠠᠭᠤᠰᠤᠯᠴᠠᠭᠤᠯᠵᠤ᠂ ᠲᠥᠯᠥᠭᠡᠯᠡᠭᠴᠢ ᠭᠡᠰᠢᠭᠦᠨ ᠤ ᠤᠯᠤᠰ ᠲᠦᠷᠦ ᠶᠢᠨ ᠪᠠᠶᠢᠷᠢ ᠰᠠᠭᠤᠷᠢ᠂ ᠰᠠᠨᠠᠯ ᠰᠠᠨᠠᠭᠤᠯᠭ᠎ᠠ ᠶᠢ ᠦᠨᠡᠨᠬᠦ ᠴᠢᠬᠤᠯᠠᠴᠢᠯᠠᠵᠤ᠂ ᠲᠥᠯᠥᠭᠡᠯᠡᠭᠴᠢ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠳᠤ ᠲᠤᠯᠭᠠᠷᠠᠭᠰᠠᠨ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠬᠠᠪᠰᠤᠷᠤᠨ ᠰᠢᠢᠳᠪᠦᠷᠢᠯᠡᠵᠦ᠂ ᠡᠯ᠎ᠡ ᠲᠠᠯ᠎ᠠ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠯᠥᠭᠡᠯᠡᠭᠴᠢ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ᠂ ᠭᠦᠴᠦᠨ ᠴᠢᠳᠠᠯ ᠢᠶᠠᠨ ᠡᠷᠭᠦᠭᠦ ᠳᠤ ᠳᠤᠰᠠᠯᠠᠵᠤ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号