4 ᠰᠠᠷ᠎ᠠ ᠶᠢᠨ 23 ᠤ ᠡᠳᠦᠷ ᠪᠣᠯ 30 ᠳ᠋ᠤᠭᠠᠷ ᠣᠳᠠᠭᠠᠨ ᠤ ᠳᠡᠯᠡᠬᠡᠶ ᠶᠢᠨ ᠨᠣᠮ ᠤᠩᠰᠢᠬᠤ ᠡᠳᠦᠷ ᠪᠠᠶᠢᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ | ᠷᠢᠳᠢ ᠰᠢᠳᠢ ᠶᠢ ᠢᠯᠡᠷᠡᠭᠦᠯᠬᠦ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤ ︽ | ᠣᠮᠠᠷᠠᠳᠣ ᠬᠢᠯᠢ ᠶᠢᠨ ᠣᠶᠠᠩᠭᠠᠨ ᠲᠠᠳᠠᠯᠭ᠎ᠠ᠂ ᠣᠷᠠᠨ ᠪᠢᠴᠢᠯᠬᠡ ᠶᠢᠨ ᠰᠢᠨ᠎ᠠ ᠬᠠᠭᠤᠳᠠᠰᠣ︾ ᠪᠣᠯᠣᠳ ᠪᠢᠷ ᠤᠨ | ᠣᠷᠠᠨ ᠪᠢᠴᠢᠯᠬᠡ ᠶᠢᠨ ᠣᠷᠣᠯᠳᠣᠭᠠᠨ ᠢ ᠡᠷᠬᠢᠯᠡᠨ ᠶᠠᠪᠣᠬᠳᠠᠭᠤᠯᠵᠣ᠂ ᠪᠣᠭᠳᠠ ᠶᠢᠨ ᠭᠤᠣᠯ ᠰᠤᠮᠤᠨ ᠤ ᠺᠠᠳ᠋ᠷ | ᠠᠵᠢᠯᠲᠠᠨ᠂ ᠡᠯ᠎ᠡ ᠭᠠᠴᠠᠭᠠᠨ ᠤ ᠮᠠᠯᠴᠢᠨ ᠨᠡᠶᠢᠳᠡ 26 ᠬᠥᠮᠦᠨ ᠤᠷᠤᠯᠳᠤᠭᠠᠨ ᠳᠤ ᠣᠷᠣᠯᠴᠠᠪᠠ᠃ | ᠤᠷᠤᠯᠳᠤᠭᠠᠨ ᠳᠤ ᠣᠷᠣᠯᠴᠠᠭᠰᠠᠳ ᠤᠷᠤᠯᠳᠤᠭᠠᠨ ᠤ ᠳᠦᠷᠢᠮ ᠶᠣᠰᠣᠭᠠᠷ ᠲᠤᠬᠠᠶ ᠶᠢᠨ ᠲᠠᠯᠠᠪᠤᠷ ᠲᠤ | ᠨᠢᠭᠡᠳᠦᠯᠲᠡᠶ ᠪᠡᠯᠡᠳᠬᠡᠭᠰᠡᠨ ︽ᠪᠤᠭᠳᠠ ᠶᠢᠨ ᠭᠤᠤᠯ ᠰᠠᠶᠢᠬᠠᠨ ᠨᠤᠲᠤᠭ︾ ᠭᠡᠬᠦ ᠳᠠᠭᠤᠨ ᠤ ᠦᠭᠡ ᠶᠢ ᠬᠠᠭᠤᠯᠤᠨ | ᠪᠢᠴᠢᠵᠣ᠂ ᠥᠪᠡᠷ ᠥᠪᠡᠷ ᠤᠨ ᠣᠷ᠎ᠠ ᠴᠢᠳᠠᠪᠤᠷᠢ ᠪᠠᠨ ᠪᠠᠳᠠᠷᠠᠭᠤᠯᠵᠤ᠂ ᠤᠷᠠᠨ ᠪᠢᠴᠢᠯᠭᠡ ᠶᠢᠨ ᠷᠢᠳᠢ ᠰᠢᠳᠢ ᠶᠢ | ᠭᠠᠶᠢᠬᠠᠭᠤᠯᠣᠬᠰᠠᠨ ᠪᠠᠶᠢᠨ᠎ᠠ᠃ | ᠤᠷᠤᠯᠳᠤᠭᠠᠨ ᠤ ᠲᠠᠷᠠᠭ᠎ᠠ᠂ ᠰᠢᠯᠭᠠᠷᠠᠭᠤᠯᠬᠤ ᠺᠣᠮᠢᠰ ᠤᠨ ᠪᠠᠭᠰᠢ ᠨᠠᠷ ᠤᠷᠠᠨ ᠪᠢᠴᠢᠯᠭᠡ ᠶᠢᠨ ᠪᠦᠲᠦᠭᠡᠯ ᠳᠤ | ᠨᠠᠷᠢᠨ ᠬᠢᠨᠠᠮᠠᠭᠠᠢ ᠠᠳᠠᠯᠢᠳᠬᠠᠨ ᠰᠢᠯᠭᠠᠷᠠᠭᠤᠯᠣᠯᠳᠠ ᠬᠢᠵᠣ ᠡᠷᠬᠡ ᠲᠡᠭᠰᠢ᠂ ᠢᠯᠡ᠂ ᠲᠥᠪ ᠭᠤᠣᠯᠴᠢ ᠪᠠᠶᠢᠬᠤ | ᠵᠠᠷᠴᠢᠮ ᠢ ᠪᠠᠷᠢᠮᠲᠠᠯᠠᠵᠤ᠂ ᠦᠰᠦᠭ ᠤᠨ ᠵᠦᠪ ᠪᠣᠷᠣᠭᠤ ᠪᠣᠯᠤᠨ ᠦᠰᠦᠭ ᠤᠨ ᠲᠢᠭ ᠤᠨ ᠭᠤᠸ᠎ᠠ ᠰᠠᠶᠢᠬᠠᠨ ᠤ | ᠪᠠᠶᠢᠳᠠᠯ ᠢ ᠦᠨᠳᠦᠰᠦᠯᠡᠨ ᠶᠡᠷᠦᠩᠬᠡᠶᠢᠯᠡᠭᠰᠡᠨ ᠦᠨᠡᠯᠡᠯᠲᠡ ᠬᠢᠵᠦ᠂ ᠤᠷᠤᠯᠳᠤᠭᠠᠨ ᠤ ᠨᠢᠭᠡ᠂ ᠬᠤᠶᠠᠷ᠂ | ᠭᠤᠷᠪᠠᠳᠤᠭᠠᠷ ᠨᠡᠷ᠎ᠡ ᠪᠠ ᠰᠢᠯᠢᠳᠡᠭ ᠳᠡᠰ ᠲᠤ ᠳᠤᠳᠤᠷᠠᠭᠰᠠᠨ ᠤᠷᠤᠯᠴᠠᠭᠴᠢ ᠶᠢ ᠰᠢᠯᠭᠠᠷᠠᠭᠤᠯᠤᠨ ᠱᠠᠩᠨᠠᠵᠤ᠂ ᠪᠠᠰᠠ | ᠨᠣᠮ ᠤᠨ ᠪᠡᠯᠡᠭ ᠭᠠᠷᠳᠠᠭᠤᠯᠣᠬᠰᠠᠨ ᠪᠠᠶᠢᠨ᠎ᠠ᠃ | ᠲᠣᠰ ᠤᠳᠠᠭᠠᠨ ᠤ ᠪᠣᠯᠣᠳ ᠪᠢᠷ ᠤᠨ ᠤᠷᠠᠨ ᠪᠢᠴᠢᠯᠭᠡ ᠶᠢᠨ ᠤᠷᠤᠯᠳᠤᠭᠠᠨ ᠨᠢ ᠺᠠᠳ᠋ᠷ ᠠᠵᠢᠯᠲᠠᠨ ᠪᠣᠯᠤᠨ | ᠮᠠᠯᠴᠢᠨ ᠲᠦᠮᠡᠨ ᠳᠤ ᠤᠷᠠᠨ ᠪᠢᠴᠢᠯᠭᠡ ᠶᠢᠨ ᠤᠷᠠᠯᠢᠭ ᠢ ᠬᠠᠷᠠᠭᠤᠯᠬᠤ ᠲᠠᠪᠴᠠᠩ ᠬᠠᠩᠭᠠᠵᠤ᠂ ᠪᠡᠶᠡᠴᠢᠯᠡᠨ | ᠤᠷᠤᠯᠴᠠᠬᠤ ᠨᠠᠨᠳᠢᠨ ᠳᠤᠬᠢᠶᠠᠯ ᠢ ᠤᠯᠭᠤᠭᠰᠠᠨ ᠪᠠᠶᠢᠨ᠎ᠠ᠃ |