ᠤᠩᠭᠤᠨ ᠠᠭᠤᠯᠠ ᠰᠤᠮᠤᠨ ᠤ ᠠᠯᠳᠠᠨᠮᠤᠳᠤ ᠭᠠᠴᠠᠭ᠎ᠠ ᠪᠡᠯᠴᠢᠭᠡᠷ ᠰᠡᠷᠭᠦᠭᠡᠬᠦ ᠠᠵᠢᠯ ᠢ ᠰᠠᠶᠢᠳᠤᠷ ᠲᠣᠣᠱᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/25
     2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠡᠬᠢᠯᠡᠭᠰᠡᠨ ᠠᠴᠠ ᠨᠠᠰᠢ᠂ ᠬᠥᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠤᠮᠤᠨ ᠤ ᠠᠯᠳᠠᠨᠮᠤᠳᠤ ᠭᠠᠴᠠᠭ᠎ᠠ ᠨᠢ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ᠬᠠᠮᠠᠭᠠᠯᠠᠯᠲᠠ ᠶᠢᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ 2025 ᠣᠨ ᠤ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠰᠠᠶᠢᠳᠤᠷ ᠠᠬᠢᠭᠤᠯᠵᠤ ᠪᠠᠶᠢᠨ᠎ᠠ᠃     ᠠᠯᠲᠠᠨᠮᠤᠳᠤ ᠭᠠᠴᠠᠭᠠᠨ ᠤ ᠮᠠᠯᠴᠢᠨ ᠡᠷᠳᠡᠨᠢᠰᠦ᠋ᠬᠡ ᠶᠢᠨ ᠬᠢᠨ 2800 ᠭᠠᠷᠤᠢ ᠮᠦ ᠪᠡᠯᠴᠢᠭᠡᠷ ᠲᠤ ᠪᠠᠨ ᠶᠡᠷᠡᠭᠡᠳ ᠬᠤᠨᠢ ᠮᠠᠯᠵᠢᠳᠠᠭ᠃ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠲᠡᠳᠡᠨ ᠤ ᠬᠢᠨ 10 ᠲᠣᠨ ᠬᠦᠬᠡ ᠡᠪᠡᠰᠦ᠂ 5 ᠲᠣᠨ ᠨᠣᠭᠤᠭᠠᠨ ᠳᠠᠷᠤᠰᠢ᠂ 8 ᠲᠣᠨ ᠲᠡᠵᠢᠭᠡᠯ ᠪᠣᠷᠳᠤᠭ᠎ᠠ ᠨᠥᠭᠡᠴᠡᠯᠡᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠮᠠᠯ ᠤᠨ ᠰᠢᠮ᠎ᠡ ᠲᠡᠵᠢᠭᠡᠯ ᠤᠨ ᠬᠠᠩᠭᠠᠯᠭ᠎ᠠ ᠪᠠᠨ ᠪᠠᠲᠤᠯᠠᠬᠤ ᠪᠠᠷ ᠪᠤᠢ᠃ ︽ᠰᠤᠮᠤ ᠭᠠᠴᠠᠭᠠᠨ ᠠᠴᠠ ᠪᠢᠳᠡᠨ ᠳᠤ ᠪᠡᠯᠴᠢᠭᠡᠷ ᠰᠡᠷᠭᠦᠭᠡᠬᠦ ᠠᠵᠢᠯ ᠤᠨ ᠲᠤᠬᠠᠶ ᠮᠠᠰᠢ ᠣᠯᠠᠨ ᠲᠥᠷᠥ ᠶᠢᠨ ᠪᠣᠳᠣᠯᠭ᠎ᠠ ᠶᠢ ᠤᠬᠠᠭᠤᠯᠵᠤ ᠥᠭᠴᠡᠶ︔ ᠮᠢᠨᠦ ᠦᠵᠡᠬᠦ ᠪᠠᠷ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ  ᠨᠢ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠳᠤ ᠠᠰᠢᠭᠲᠠᠢ ᠭᠡᠵᠥ ᠪᠤᠳᠤᠵᠤ ᠪᠠᠶᠢᠨ᠎ᠠ︾ ᠭᠡᠵᠤ ᠮᠠᠯᠴᠢᠨ ᠡᠷᠳᠡᠨᠢᠰᠦ᠋ᠬᠡ ᠶᠠᠷᠢᠯ᠎ᠠ᠃ᠠᠯᠲᠠᠨᠮᠤᠳᠤ ᠭᠠᠴᠠᠭᠠᠨ ᠤ ᠨᠠᠮ ᠤᠨ ᠡᠭᠦᠷ ᠤᠨ ᠱᠦᠵᠢ ᠰᠢᠨᠡᠪᠦ᠋ᠬᠡ ᠬᠠᠮᠲᠦ ᠤᠯᠠᠨ ᠢᠶᠠᠨ ᠳᠠᠶᠢᠴᠢᠯᠠᠨ ᠳᠠᠭᠠᠭᠤᠯᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠪᠡᠯᠡᠳᠬᠡᠯ ᠬᠢᠬᠦ ᠶᠢᠨ ᠬᠠᠮᠲᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠣᠬᠠᠭᠤᠯᠵᠠᠢ᠃ ︽ᠮᠠᠨ ᠤ ᠭᠠᠴᠠᠭ᠎ᠠ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠡᠬᠢᠯᠡᠬᠦ ᠠᠴᠠ ᠡᠮᠦᠨ᠎ᠡ᠂ ᠮᠠᠯᠵᠢᠬᠤ ᠡᠷᠦᠬᠡ ᠳᠤ ᠭᠦᠨᠵᠡᠭᠡᠶᠢᠷᠡᠬᠦ᠂ ᠨᠠᠮ ᠤᠨ ᠭᠡᠰᠢᠭᠦᠳ ᠤᠨ ᠬᠤᠷᠠᠯ ᠪᠠ ᠮᠠᠯᠵᠢᠬᠤ ᠡᠷᠦᠬᠡ ᠶᠢᠨ ᠲᠥᠯᠥᠭᠡᠯᠡᠭᠴᠢᠳ ᠤᠨ ᠬᠤᠷᠠᠯ ᠬᠤᠷᠠᠯᠳᠤᠭᠤᠯᠬᠤ᠂ ᠸᠢᠴᠠᠲ ᠲᠠᠪᠴᠠᠩ ᠳᠡᠭᠡᠷ᠎ᠡ ᠠᠯᠪᠠᠨ ᠵᠠᠷ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠬᠢᠭᠰᠡᠨ︔ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠤᠨ ᠳᠠᠭᠠᠭᠠᠴᠢᠯᠠᠭᠰᠠᠨ ᠪᠠᠶᠢᠭᠤᠯᠭ᠎ᠠ ᠨᠢᠭᠡᠴᠡ ᠴᠦ ᠮᠠᠨ ᠤ ᠭᠠᠴᠠᠭᠠᠨ ᠳᠤ ᠢᠷᠡᠵᠥ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠡᠪᠡᠰᠦ ᠪᠡᠯᠴᠢᠭᠡᠷ ᠨᠦᠭᠡᠴᠡᠯᠡᠭᠰᠡᠨ ᠪᠠᠶᠢᠳᠠᠯ ᠢ ᠣᠶᠢᠯᠠᠭᠠᠪᠠ︾ ᠭᠡᠵᠤ ᠰᠢᠨᠡᠪᠦ᠋ᠬᠡ ᠶᠠᠷᠢᠯ᠎ᠠ᠃     ᠣᠶᠢᠯᠠᠭᠠᠭᠰᠠᠨ ᠢᠶᠠᠷ᠂  ᠠᠯᠲᠠᠨᠮᠤᠳᠣ ᠭᠠᠴᠠᠭ᠎ᠠ ᠨᠢ 10 ᠲᠦᠮᠡᠨ ᠮᠥ ᠣᠷᠴᠢᠮ ᠨᠤᠲᠤᠭ ᠪᠡᠯᠴᠢᠭᠡᠷ ᠲᠠᠢ ᠪᠠᠶᠢᠵᠤ᠂ 40 ᠭᠠᠷᠤᠶ ᠮᠠᠯᠴᠢᠨ ᠡᠷᠦᠬᠡ ᠨᠢ 3000 ᠭᠠᠷᠤᠶ ᠬᠤᠨᠢ᠂ 500 ᠭᠠᠷᠤᠶ ᠦᠬᠡᠷ ᠮᠠᠯᠵᠢᠳᠠᠭ᠃ ᠨᠢᠳᠤᠨᠤᠨ ᠡᠪᠦᠯ 800 ᠲᠣᠨ ᠬᠥᠬᠡ ᠡᠪᠡᠰᠦ᠂ 200 ᠭᠠᠷᠤᠶ ᠲᠣᠨ ᠲᠡᠵᠢᠭᠡᠯ ᠪᠣᠷᠳᠤᠭ᠎ᠠ ᠨᠦᠭᠡᠴᠡᠯᠡᠭᠰᠡᠨ
 
ᠢᠷᠡᠯᠲᠡ᠄ ᠣᠩᠭᠤᠨ ᠠᠭᠤᠯᠠ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号