ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠶᠢᠭᠡᠮ ᠳᠤ ᠪᠥᠬᠦ ᠲᠠᠯ᠎ᠠ ᠪᠠᠷ | ᠠᠭᠤᠰᠤᠯᠴᠠᠭᠤᠯᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠣᠯᠠᠨ ᠨᠡᠶᠢᠲᠡ ᠶᠢᠨ ᠨᠣᠮ ᠤᠨ ᠰᠠᠩ ᠤᠨ | ᠰᠣᠶᠣᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠠᠯ᠎ᠠ ᠪᠠᠷ ᠬᠢ ᠳᠠᠪᠠᠭᠤᠯᠢᠭ ᠢ ᠭᠦᠢᠴᠡᠳ | ᠪᠠᠳᠠᠷᠠᠭᠤᠯᠬᠤ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠨᠢ ᠡᠯ᠎ᠡ ᠲᠥᠷᠥᠯ ᠤᠨ ᠤᠯᠠᠨ | ᠨᠡᠶᠢᠲᠡ ᠶᠢᠨ ᠴᠢᠨᠠᠷᠲᠠᠢ ᠪᠣᠯᠪᠠᠰᠤᠷᠠᠯ ᠰᠤᠶᠤᠯ ᠤᠨ ᠠᠵᠢᠯᠯᠠᠭ᠎ᠠ ᠶᠢ ᠢᠳᠡᠪᠬᠢᠲᠠᠢ ᠡᠷᠬᠢᠯᠡᠨ ᠶᠠᠪᠤᠭᠳᠠᠭᠤᠯᠵᠤ᠂ | ᠰᠠᠭᠤᠭᠠᠯᠢ ᠠᠷᠠᠳ ᠲᠤ ᠰᠤᠷᠤᠯᠴᠠᠬᠤ ᠳᠠᠪᠴᠠᠩ ᠬᠠᠩᠭᠠᠵᠣ ᠪᠠᠶᠢᠨ᠎ᠠ᠃ | ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠳᠤ ᠬᠦᠷᠬᠦ ᠳᠤ᠂ ᠡᠯ᠎ᠡ ᠲᠥᠷᠥᠯ ᠤᠨ ᠪᠣᠯᠪᠠᠰᠤᠷᠠᠯ ᠰᠤᠶᠤᠯ | ᠤᠨ ᠠᠵᠢᠯᠯᠠᠭ᠎ᠠ ᠶᠠᠭ ᠰᠠᠶᠢᠬᠠᠨ ᠬᠥᠷ ᠬᠥᠭᠵᠢᠶᠡᠨ ᠲᠠᠢ ᠶᠠᠪᠤᠭᠳᠠᠵᠤ᠂ ᠪᠠᠭᠰᠢ ᠠᠴᠠ ᠰᠤᠷᠤᠭᠴᠢᠳ ᠲᠤ ᠵᠣᠬᠢᠶᠠᠨ | ᠪᠢᠴᠢᠯᠭᠡ᠂ ᠤᠩᠰᠢᠯᠭ᠎ᠠ ᠶᠢᠨ ᠵᠢᠯᠣᠭᠤᠳᠤᠮᠵᠢ᠂ ᠬᠤᠪᠢᠰ ᠬᠦᠭᠵᠢᠮ᠂ ᠮᠣᠩᠭᠤᠯ ᠤᠷᠠᠨ ᠪᠢᠴᠢᠯᠭᠡ᠂ ᠶᠠᠲᠤᠭ᠎ᠠ ᠵᠡᠷᠭᠡ | ᠬᠢᠴᠢᠶᠡᠯ ᠢ ᠲᠠᠶᠢᠯᠪᠤᠷᠢᠯᠠᠨ ᠥᠭᠴᠦ᠂ ᠳᠤᠷ᠎ᠠ ᠪᠠᠭ᠋ᠠᠲᠠᠳ ᠲᠤ ᠥᠪᠡᠷ ᠢ ᠪᠠᠨ ᠳᠡᠭᠡᠭᠰᠢᠯᠡᠭᠦᠯᠬᠦ᠂ ᠠᠮᠢᠳᠤᠷᠠᠯ ᠢᠶᠠᠨ | ᠪᠠᠶᠠᠯᠢᠭᠵᠢᠭᠤᠯᠬᠤ ᠲᠣᠬᠢᠶᠠᠯ ᠤᠯᠭᠤᠭᠰᠠᠨ ᠪᠠᠶᠢᠨ᠎ᠠ᠃ ᠡᠶᠢᠮᠦᠷᠬᠦ ᠰᠤᠶᠤᠯ ᠤᠷᠠᠯᠢᠭ ᠤᠨ ᠤᠯᠠᠮᠵᠢᠯᠠᠯ ᠤᠨ | ᠠᠵᠢᠯᠯᠠᠭ᠎ᠠ ᠶᠢ ᠢᠳᠡᠪᠬᠢᠲᠠᠢ ᠡᠷᠬᠢᠯᠡᠭᠰᠡᠨ ᠠᠴᠠ ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠤᠨ | ᠤᠯᠠᠮᠵᠢᠯᠠᠯᠲᠤ ᠰᠣᠶᠣᠯ ᠰᠤᠷᠭᠠᠨ ᠬᠥᠮᠦᠵᠢᠯ ᠤᠨ ᠲᠥᠪ ᠤᠨ ᠬᠥᠭᠵᠢᠯᠲᠡ ᠳᠤ ᠰᠠᠶᠢᠨ ᠰᠠᠭᠤᠷᠢ ᠲᠠᠯᠪᠢᠵᠤ ᠥᠭᠴᠡᠶ᠃ | ︽ᠥᠨᠥᠳᠦᠷ ᠨᠣᠮ ᠤᠨ ᠰᠠᠩ ᠠᠴᠠ ᠡᠷᠬᠢᠯᠡᠭᠰᠡᠨ ᠤᠷᠠᠨ ᠵᠣᠬᠢᠶᠠᠯ ᠪᠢᠴᠢᠬᠦ ᠪᠣᠯᠪᠠᠰᠤᠷᠠᠯ ᠳᠤ ᠤᠷᠤᠯᠴᠠᠭᠰᠠᠨ︔ | ᠪᠠᠭᠰᠢ ᠶᠢᠨ ᠲᠠᠶᠢᠯᠤᠮᠵᠢ ᠶᠢ ᠰᠣᠨᠣᠰᠤᠭᠠᠳ ᠣᠯᠤᠯᠲᠠ ᠶᠡᠬᠡᠲᠡᠶ ᠪᠠᠶᠢᠨ᠎ᠠ︔ ᠥᠩᠭᠡᠷᠡᠭᠰᠡᠨ ᠳᠤ ᠪᠢᠳᠡ ᠪᠢᠴᠢᠭ | ᠰᠤᠶᠤᠯ ᠰᠤᠷᠬᠤ ᠨᠦᠬᠦᠴᠡᠯ ᠦᠭᠡᠢ᠂ ᠨᠤᠮ ᠪᠢᠴᠢᠭ ᠰᠤᠷᠤᠶ᠎ᠠ ᠭᠡᠵᠥ ᠪᠤᠳᠣᠳᠠᠭ︔ ᠡᠨᠡᠬᠦ ᠪᠤᠯᠪᠠᠰᠤᠷᠠᠯ ᠨᠢ | ᠨᠠᠳᠠ ᠳᠤ ᠠᠵᠠ ᠲᠤᠬᠢᠶᠠᠯ ᠢ ᠣᠯᠭᠤᠵᠤ ᠦᠭᠴᠡᠢ︾ ᠭᠡᠵᠤ ᠪᠤᠯᠪᠠᠰᠤᠷᠠᠯ ᠳᠤ ᠤᠷᠤᠯᠴᠠᠭᠰᠠᠨ ᠱᠢᠷᠦᠮᠠ ᠨᠠᠰᠤᠲᠠᠨ | ᠶᠠᠷᠢᠯ᠎ᠠ᠃ | ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠨᠢ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠵᠠᠯᠭᠠᠮᠵᠢᠯᠠᠬᠤ ᠴᠢᠬᠤᠯᠠ ᠵᠢᠭᠰᠠᠭᠠᠯ ᠤᠨ ᠭᠠᠵᠠᠷ ᠪᠤᠯᠤᠭᠰᠠᠨ ᠤ ᠬᠤᠪᠢ ᠳᠤ ᠡᠨᠡ ᠵᠢᠯ ᠤᠨ 4 ᠰᠠᠷ᠎ᠠ ᠳᠤ | ᠤᠯᠠᠮᠵᠢᠯᠠᠯᠲᠤ ᠰᠣᠶᠣᠯ ᠰᠤᠷᠭᠠᠨ ᠬᠥᠮᠦᠵᠢᠯ ᠤᠨ ᠲᠥᠪ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠨᠣᠮ ᠤᠨ | ᠰᠠᠩ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠣᠶᠢᠯᠠᠭᠠᠭᠳᠠᠬᠤᠨ᠂ | ᠬᠡᠯᠪᠡᠷᠢ ᠪᠠ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠬᠥᠭᠵᠢᠭᠦᠯᠬᠦ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ ᠤᠮᠠᠷᠠᠲᠤ | ᠬᠢᠯᠢ ᠶᠢᠨ ᠰᠣᠶᠣᠯ ᠢ ᠪᠠᠳᠠᠷᠠᠭᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠵᠤ᠂ ᠨᠠᠰᠤᠲᠠᠶᠢᠴᠤᠳ ᠲᠤ ᠰᠢᠨ᠎ᠡ ᠰᠤᠶᠤᠯ | ᠤᠨ ᠠᠭᠤᠯᠤᠬᠤᠨ ᠢ ᠤᠶᠢᠯᠠᠭᠠᠭᠤᠯᠵᠤ᠂ ᠵᠠᠯᠠᠭᠤᠴᠤᠳ ᠲᠤ ᠤᠯᠠᠮᠵᠢᠯᠠᠯᠲᠦ ᠰᠤᠶᠤᠯ ᠤᠨ ᠷᠢᠳᠢ ᠰᠢᠳᠢ ᠶᠢ | ᠮᠡᠳᠡᠷᠡᠬᠦᠯᠬᠦ ᠠᠵᠢᠯ ᠢ ᠢᠳᠡᠪᠬᠢᠲᠠᠢ ᠠᠬᠢᠭᠤᠯᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠯᠠᠨ ᠨᠡᠶᠢᠲᠡ ᠶᠢᠨ ᠪᠣᠯᠪᠠᠰᠤᠷᠠᠯ ᠤᠨ ᠬᠢᠴᠢᠶᠡᠯ ᠳᠤ ᠲᠣᠰᠬᠠᠢ | ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ᠂ ᠪᠣᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠰᠢᠯᠢᠳᠡᠭ | ᠪᠠᠭᠰᠢ ᠨᠠᠷ ᠠᠴᠠ ᠬᠢᠴᠢᠶᠡᠯᠯᠡᠵᠥ᠂ ᠠᠭᠤᠯᠭ᠎ᠠ ᠶᠢᠨ ᠲᠠᠯ᠎ᠠ ᠳᠤ ᠤᠯᠠᠮᠵᠢᠯᠠᠯᠲᠤ ᠲᠣᠭᠯᠠᠭᠠᠮ᠂ ᠬᠡᠷ ᠪᠦᠯᠢ ᠶᠢᠨ | ᠬᠥᠮᠦᠵᠢᠯ᠂ ᠬᠤᠪᠢᠰ ᠬᠦᠭᠵᠢᠮ᠂ ᠶᠠᠲᠤᠭ᠎ᠠ ᠬᠦᠭᠵᠢᠮ᠂ ᠰᠤᠸᠠᠮᠫᠠᠨ ᠪᠣᠳᠣᠯᠭ᠎ᠠ᠂ ᠪᠤᠯᠣᠳ ᠪᠢᠷ ᠤᠨ ᠬᠢᠴᠢᠶᠡᠯ᠂ | ᠤᠩᠰᠢᠯᠭ᠎ᠠ ᠶᠢᠨ ᠬᠢᠴᠢᠶᠡᠯ ᠵᠡᠷᠭᠡ ᠣᠯᠠᠨ ᠬᠦᠷᠢᠶ᠎ᠡ ᠶᠢ ᠬᠠᠮᠤᠷᠤᠭᠰᠠᠨ ᠪᠠᠶᠢᠨ᠎ᠠ᠃ ︽ᠮᠠᠨ ᠤ ᠰᠤᠷᠭᠠᠯᠲᠠ ᠶᠢᠨ | ᠲᠥᠪ ᠲᠤ ᠬᠤᠷᠢ ᠠᠴᠠ ᠭᠤᠴᠢ ᠰᠢᠬᠠᠮ ᠲᠦᠷᠦᠯ ᠤᠨ ᠬᠢᠴᠢᠶᠡᠯ ᠪᠠᠶᠢᠵᠤ᠂ ᠨᠡᠶᠢᠭᠡᠮ ᠤᠨ ᠡᠯ᠎ᠡ ᠡᠲᠡᠭᠡᠳ ᠤᠨ | ᠬᠦᠮᠦᠰ ᠲᠤ ᠦᠨ᠎ᠡ ᠦᠷᠲᠡᠭ ᠦᠭᠡᠢ ᠪᠠᠷ ᠦᠢᠯᠡᠴᠢᠯᠡᠨ᠎ᠡ᠃ ᠭᠤᠤᠯ ᠨᠢ ᠮᠠᠨ ᠤ ᠬᠦᠪᠡᠭᠡᠲᠦ ᠰᠢᠷ᠎ᠠ | ᠬᠤᠰᠢᠭᠤᠨ ᠤ ᠪᠠᠨ ᠬᠡᠪᠴᠢᠶᠡᠨ ᠳᠤ ᠨᠠᠰᠤᠲᠠᠶᠢᠴᠤᠳ᠂ ᠵᠠᠯᠠᠭᠤᠴᠤᠳ᠂ ᠭᠡᠷ ᠤᠨ ᠠᠬᠠᠮᠠᠳ ᠲᠤ ᠵᠤᠷᠢᠭᠤᠯᠤᠭᠰᠠᠨ | ᠰᠤᠶᠤᠯ ᠤᠨ ᠬᠢᠴᠢᠶᠡᠯ ᠪᠤᠯᠬᠤ ᠶᠤᠮ᠃ ᠨᠡᠩ ᠤᠯᠠᠨ ᠬᠦᠮᠦᠰ ᠢ ᠮᠠᠨ ᠤ ᠤᠯᠠᠮᠵᠢᠯᠠᠯᠲᠤ ᠰᠤᠶᠤᠯ ᠢᠶᠠᠨ | ᠬᠦᠭᠵᠢᠭᠦᠯᠵᠥ ᠤᠯᠠᠮᠵᠢᠯᠠᠵᠤ ᠶᠠᠪᠤᠬᠤ ᠳᠤ ᠳᠠᠪᠴᠠᠩ ᠬᠠᠩᠭᠠᠶ᠎ᠠ ᠭᠡᠵᠥ ᠪᠤᠳᠤᠵᠤ ᠪᠠᠶᠢᠨ᠎ᠠ︾ ᠭᠡᠵᠤ ᠬᠥᠪᠡᠭᠡᠲᠦ | ᠰᠢᠷ᠎ᠠ ᠬᠤᠰᠢᠭᠤᠨ ᠤ ᠨᠣᠮ ᠤᠨ ᠰᠠᠩ ᠤᠨ ᠬᠠᠷᠢᠭᠤᠴᠠᠯᠭᠠᠲᠠᠨ ᠪᠦᠷᠢᠩᠭᠤᠸ᠎ᠠ ᠶᠠᠷᠢᠯ᠎ᠠ᠃ |