ᠬᠦᠪᠡᠭᠡᠲᠦ ᠰᠢᠷ᠎ᠠ ᠬᠤᠰᠢᠭᠤ ᠠᠮᠣᠭᠤᠯᠠᠩ ᠬᠦᠪᠡᠬᠡᠳᠣ ᠰᠢᠷ᠎ᠡ ︽ᠭᠠᠷ ᠤᠨ ᠠᠶ᠎ᠠ ᠪᠠᠷ ᠰᠡᠬᠦᠳᠡᠷᠯᠡᠬᠦ︾ ᠸᠢᠴᠡᠲ ᠤᠨ ᠫᠷᠦᠭᠷᠡᠮ ᠢ ᠲᠦᠬᠡᠮᠡᠯᠵᠢᠬᠦᠯᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/5/14
     5 ᠰᠠᠷ᠎ᠠ ᠶᠢᠨ 9 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ  ᠬᠤᠷᠢᠶ᠎ᠠ᠂ ᠰᠢᠨᠡᠪᠤᠯᠠᠭ ᠪᠠᠯᠭᠠᠰᠤᠨ ᠤ ᠡᠷᠳᠡᠨᠢ ᠨᠡᠶᠢᠭᠡᠮ ᠲᠣᠭᠤᠷᠢᠭ ᠠᠴᠠ ᠠᠮᠤᠭᠤᠯᠠᠩ ᠬᠥᠪᠡᠭᠡᠲᠦ ᠰᠢᠷ᠎ᠠ ︽ᠭᠠᠷ ᠤᠨ ᠠᠶ᠎ᠠ ᠪᠠᠷ ᠰᠡᠭᠦᠳᠡᠷᠯᠡᠬᠦ︾ ᠸᠢᠴᠡᠲ ᠤᠨ ᠳᠦᠬᠦᠮ ᠫᠷᠦᠭᠷᠡᠮ ᠲᠦᠬᠡᠮᠡᠯᠵᠢᠬᠦᠯᠬᠦ ᠠᠵᠢᠯᠯᠠᠭ᠎ᠠ ᠥᠷᠨᠢᠭᠦᠯᠪᠡ᠃     ᠠᠮᠤᠭᠤᠯᠠᠩ ᠬᠥᠪᠡᠭᠡᠲᠦ ᠰᠢᠷ᠎ᠠ ︽ᠭᠠᠷ ᠤᠨ ᠠᠶ᠎ᠠ ᠪᠠᠷ ᠰᠡᠭᠦᠳᠡᠷᠯᠡᠬᠦ︾ ᠸᠢᠴᠡᠲ ᠤᠨ ᠳᠦᠬᠦᠮ ᠫᠷᠦᠭᠷᠡᠮ ᠪᠤᠯ ᠬᠦᠪᠡᠭᠡᠲᠦ ᠰᠢᠷ᠎ᠠ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠠᠴᠠ ᠡᠷᠬᠢᠯᠡᠵᠤ ᠪᠦᠬᠦ ᠠᠷᠠᠳ  ᠢᠶᠠᠷ ᠢᠶᠠᠨ ᠤᠷᠤᠯᠴᠠᠵᠤ ᠠᠮᠤᠭᠤᠯᠠᠩ ᠬᠦᠪᠡᠭᠡᠲᠦ ᠰᠢᠷ᠎ᠠ ᠶᠢ ᠡᠬᠦᠳᠦᠨ ᠪᠠᠶᠢᠭᠤᠯᠬᠤ ᠠᠵᠢᠯ ᠳᠤ ᠦᠢᠯᠡᠴᠢᠯᠡᠵᠤ ᠪᠠᠶᠢᠭ᠎ᠠ ᠠᠰᠠᠭᠤᠳᠠᠯ ᠢ ᠳᠦᠷᠰᠦᠯᠡᠨ ᠲᠣᠭᠠᠴᠢᠬᠤ᠂ ᠲᠤᠬᠠᠶ ᠶᠢᠨ ᠲᠠᠯᠠᠪᠤᠷ ᠤᠨ ᠵᠢᠷᠤᠭ ︵ᠸᠢᠳᠢᠣ᠋︶ ᠢ ᠳᠤᠰᠬᠠᠵᠤ ᠴᠢᠳᠠᠬᠤ᠂ ᠪᠠᠶᠢᠴᠠᠭᠠᠨ ᠯᠠᠪᠯᠠᠬᠤ ᠵᠡᠷᠭᠡ ᠴᠢᠳᠠᠮᠵᠢ ᠲᠠᠢ ᠲᠠᠪᠴᠠᠩ ᠪᠣᠯᠤᠨ᠎ᠠ᠃ ᠣᠯᠠᠨ ᠲᠦᠮᠡᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠭᠠᠵᠢᠭᠤ ᠨᠣᠮᠯᠠᠯ ᠤᠨ ᠠᠵᠢᠯᠯᠠᠭ᠎ᠠ᠂ ᠠᠮᠤᠷ ᠲᠦᠪᠰᠢᠨ ᠤ ᠳᠠᠯᠳᠠ ᠬᠡᠮ᠂ ᠵᠥᠷᠢᠴᠡᠯ ᠵᠢᠭᠤᠷᠠᠯᠳᠤᠭᠠᠨ᠂ ᠣᠷᠴᠢᠨ ᠲᠣᠭᠤᠷᠢᠨ ᠤ ᠪᠣᠬᠢᠷᠲᠤᠯ ᠵᠡᠷᠭᠡ ᠰᠦᠪᠡᠭᠴᠢ ᠶᠢ ᠴᠠᠭ ᠲᠤᠬᠠᠶ ᠳᠤᠨᠢ ᠬᠠᠩᠭᠠᠵᠤ ᠪᠤᠯᠳᠠᠭ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠠ ᠢᠯᠡᠴᠢᠯᠡᠨ ᠮᠡᠳᠡᠬᠦᠯᠦᠭᠰᠡᠨ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠬᠦ ᠴᠢᠳᠠᠮᠵᠢ  ᠲᠠᠢ ᠳᠠᠪᠴᠠᠩ ᠪᠣᠯᠤᠨ᠎ᠠ᠃     ᠠᠵᠢᠯᠯᠠᠭᠠᠨ ᠤ ᠠᠬᠤᠢ ᠲᠠᠯᠠᠪᠠᠶ ᠳᠤ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠠᠵᠢᠯᠳᠠᠨ ᠠᠴᠠ ᠨᠡᠶᠢᠭᠡᠮ ᠲᠣᠭᠤᠷᠢᠭ ᠤᠨ ᠲᠣᠣᠷᠴᠢᠯᠠᠬᠰᠠᠨ ᠬᠠᠮᠢᠶᠠᠷᠣᠬᠴᠢ ᠪᠠ ᠰᠠᠭᠤᠭᠠᠯᠢ ᠠᠷᠠᠳ ᠲᠤ ᠠᠮᠤᠭᠤᠯᠠᠩ ᠬᠥᠪᠡᠭᠡᠲᠦ ᠰᠢᠷ᠎ᠠ ᠬᠤᠰᠢᠭᠤᠨ ᠤ ︽ᠭᠠᠷ ᠤᠨ ᠠᠶ᠎ᠠ ᠪᠠᠷ ᠰᠡᠭᠦᠳᠡᠷᠯᠡᠬᠦ︾ ᠸᠢᠴᠡᠲ ᠤᠨ ᠳᠦᠬᠦᠮ ᠫᠷᠦᠭᠷᠡᠮ ᠢ ᠨᠡᠭᠡᠭᠡᠨ ᠬᠥᠭᠵᠢᠭᠦᠯᠦᠭᠰᠡᠨ ᠶᠠᠪᠤᠴᠠ᠂ ᠤᠬᠠᠭᠤᠯᠤᠨ ᠳᠡᠯᠭᠡᠷᠡᠭᠦᠯᠦᠭᠰᠡᠨ ᠪᠠᠶᠢᠳᠠᠯ᠂ ᠣᠯᠤᠭᠰᠠᠨ ᠦᠷ᠎ᠡ ᠪᠦᠲᠦᠮᠵᠢ ᠵᠢᠴᠢ ᠳᠦᠬᠦᠮ ᠫᠷᠤᠭ᠍ᠷᠠᠮ ᠢ ᠤᠭᠰᠠᠷᠠᠬᠤ ᠪᠠ ᠬᠡᠷᠡᠭᠯᠡᠬᠦ ᠵᠢᠴᠢ ᠬᠤᠪᠢ ᠬᠤᠷᠠᠮᠳᠤᠭᠤᠯᠵᠤ ᠰᠣᠯᠢᠬᠤ ᠵᠡᠷᠭᠡ ᠲᠠᠯ᠎ᠠ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠵᠠᠶ᠃     ᠲᠤᠬᠠᠶ ᠶᠢᠨ ᠲᠠᠯᠠᠪᠠᠢ ᠳᠤ ᠠᠮᠤᠷ ᠠᠮᠤᠭᠤᠯᠠᠩ ᠬᠥᠪᠡᠭᠡᠲᠦ ᠰᠢᠷ᠎ᠠ ︽ᠭᠠᠷ ᠤᠨ ᠠᠶ᠎ᠠ ᠪᠠᠷ ᠰᠡᠭᠦᠳᠡᠷᠯᠡᠬᠦ︾ ᠸᠢᠴᠡᠲ ᠤᠨ ᠳᠦᠬᠦᠮ ᠫᠷᠦᠭᠷᠡᠮ ᠤᠨ ᠴᠢᠳᠠᠮᠵᠢ ᠵᠢᠴᠢ ᠬᠡᠷᠡᠭᠯᠡᠬᠦ ᠠᠷᠭ᠎ᠠ᠂ ᠭᠠᠵᠢᠭᠤ ᠨᠣᠮᠯᠠᠯ ᠤᠨ ᠲᠠᠷᠬᠠᠭᠠᠯᠲᠠ ᠶᠢᠨ ᠠᠷᠭ᠎ᠠ ᠪᠠᠷᠢᠯ ᠵᠢᠴᠢ ᠭᠠᠵᠢᠭᠤ ᠨᠣᠮᠯᠠᠯ ᠢ ᠬᠡᠷᠬᠢᠨ ᠬᠤᠷᠢᠭᠯᠠᠬᠤ ᠵᠡᠷᠭᠡ ᠮᠡᠳᠡᠯᠭᠡ ᠶᠢᠨ ᠲᠣᠭᠤᠷᠢᠨ ᠳᠤ ᠠᠰᠠᠭᠤᠯᠲᠠ ᠬᠠᠷᠢᠭᠤᠯᠬᠤ ᠤᠷᠤᠯᠳᠤᠭᠠᠨ ᠦᠷᠨᠢᠬᠦᠯᠵᠤ᠂ ᠰᠠᠭᠤᠭᠠᠯᠢ ᠠᠷᠠᠳ ᠢᠳᠡᠪᠬᠢᠲᠡᠢ ᠪᠠᠷ ᠤᠷᠤᠯᠴᠠᠨ ᠬᠠᠷᠢᠭᠤᠯᠲᠠ ᠥᠭᠴᠦ᠂ ᠵᠥᠪ ᠬᠠᠷᠢᠭᠤᠯᠪᠠᠯ ᠱᠠᠩᠨᠠᠯ ᠤᠯᠭᠤᠵᠤ ᠪᠠᠶᠢᠯ᠎ᠠ᠃ ᠠᠰᠠᠭᠤᠯᠲᠠ ᠬᠠᠷᠢᠭᠤᠯᠲᠠ ᠪᠠᠷ ᠳᠠᠮᠵᠢᠨ ᠬᠦᠮᠦᠰ ᠠᠮᠤᠭᠤᠯᠠᠩ ᠬᠥᠪᠡᠭᠡᠲᠦ ᠰᠢᠷ᠎ᠠ ︽ᠭᠠᠷ ᠤᠨ ᠠᠶ᠎ᠠ ᠪᠠᠷ ᠰᠡᠭᠦᠳᠡᠷᠯᠡᠬᠦ︾ ᠳᠦᠬᠦᠮ ᠫᠷᠤᠭ᠍ᠷᠠᠮ ᠤᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠪᠡ᠃ ︽ᠡᠨᠡ ᠤᠳᠠᠭ᠎ᠠ ᠭᠤᠤᠯᠳᠠᠭᠤ ᠨᠡᠶᠢᠭᠡᠮ ᠲᠣᠭᠤᠷᠢᠭ ᠤᠨ ᠲᠣᠣᠷᠴᠢᠯᠠᠬᠰᠠᠨ ᠬᠠᠮᠢᠶᠠᠷᠣᠬᠴᠢ ᠪᠣᠯᠤᠨ ᠨᠡᠶᠢᠭᠡᠮ ᠲᠣᠭᠤᠷᠢᠭ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠣᠷᠣᠯᠴᠠᠭᠤᠯᠤᠭᠰᠠᠨ ᠨᠢ ᠠᠮᠤᠷ ᠠᠮᠤᠭᠤᠯᠠᠩ ᠬᠥᠪᠡᠭᠡᠲᠦ ᠰᠢᠷ᠎ᠠ ︿ᠭᠠᠷ ᠤᠨ ᠠᠶ᠎ᠠ ᠪᠠᠷ ᠰᠡᠭᠦᠳᠡᠷᠯᠡᠬᠦ﹀ ᠳᠦᠬᠦᠮ ᠫᠠᠷᠤᠭ᠍ᠷᠠᠮ ᠢ ᠳᠡᠯᠭᠡᠷᠡᠭᠦᠯᠬᠦ ᠳᠤ ᠠᠰᠢᠭᠲᠠᠶ ᠶᠤᠮ︔ ᠲᠠᠷᠠᠭᠠᠴᠢ ᠶᠢᠨ ᠠᠯᠬᠤᠮ ᠳᠤ ᠪᠢᠳᠡ ᠢᠯᠡᠭᠦᠬᠡᠨ ᠡᠶᠢᠮᠦᠷᠬᠦ ᠠᠵᠢᠯᠯᠠᠭ᠎ᠠ ᠶᠢ ᠡᠷᠭᠢᠯᠡᠵᠦ᠂ ᠥᠷᠭᠡᠨ ᠣᠯᠠᠨ ᠲᠦᠮᠡᠨ ᠳᠤ ᠠᠮᠤᠭᠤᠯᠠᠩ ᠬᠥᠪᠡᠭᠡᠲᠦ ᠰᠢᠷ᠎ᠠ ︿ᠭᠠᠷ ᠤᠨ ᠠᠶ᠎ᠠ ᠪᠠᠷ ᠰᠡᠭᠦᠳᠡᠷᠯᠡᠬᠦ﹀ ᠸᠢᠴᠡᠲ ᠤᠨ ᠳᠦᠬᠦᠮ ᠫᠷᠦᠭᠷᠡᠮ ᠤᠨ ᠴᠢᠳᠠᠮᠵᠢ ᠪᠠ ᠬᠡᠷᠡᠭᠯᠡᠬᠦ ᠠᠷᠭ᠎ᠠ ᠶᠢ ᠣᠶᠢᠯᠠᠭᠠᠭᠤᠯᠤᠨ᠎ᠠ︾ ᠭᠡᠵᠤ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠠᠵᠢᠯᠲᠠᠨ ᠬᠦᠯᠣᠩᠬᠦᠦ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号